ᠠᠵᠢᠯᠲᠠᠨ ᠠᠵᠢᠯᠴᠢᠨ ᠤ ᠡᠮᠴᠢᠯᠡᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠳᠤ 10.8 ᠲᠦᠮᠡᠨ ᠬᠥᠮᠥᠨ ᠤᠳᠠᠭ᠎ᠠ ᠠᠰᠢᠭ ᠭᠥᠷᠳᠡᠪᠡ
ᠨᠡᠶᠢᠲᠡᠯᠡᠭᠰᠡᠨ ᠴᠠᠭ᠄
2022/5/19
         5 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ︽2022 ᠣᠨ ︵ᠳᠥᠷᠪᠡᠳᠦᠭᠡᠷ ᠬᠤᠭᠤᠴᠠᠭ᠎ᠠ︶ ᠤ ᠠᠵᠢᠯᠲᠠᠨ ᠠᠵᠢᠯᠴᠢᠨ ᠤ ᠡᠮᠴᠢᠯᠡᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠠᠵᠢᠯᠲᠠᠨ ᠠᠵᠢᠯᠴᠢᠨ ᠤ ᠡᠮᠴᠢᠯᠡᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠥᠷᠨᠢᠭᠦᠯᠦᠭᠰᠡᠨ 3 ᠵᠢᠯ ᠭᠠᠷᠤᠢ ᠶᠢᠨ ᠲᠤᠷᠰᠢ᠂ ᠣᠨ ᠤ ᠠᠵᠢᠯᠯᠠᠭ᠎ᠠ ᠳᠤ ᠣᠷᠤᠯᠴᠠᠭᠰᠠᠨ ᠬᠥᠮᠥᠨ ᠤ ᠲᠤᠭ᠎ᠠ 100 ᠲᠦᠮᠡ ᠭᠠᠷᠤᠢ ᠳᠤ ᠲᠣᠭᠲᠠᠪᠤᠷᠢᠵᠢᠵᠤ᠂ ᠵᠢᠯ ᠤᠨ ᠨᠡᠮᠡᠭᠳᠡᠯ ᠤᠨ ᠨᠣᠷᠮ᠎ᠠ 15% ᠠᠴᠠ ᠳᠡᠭᠡᠭᠰᠢ ᠪᠠᠶᠢᠵᠤ᠂ 10.8 ᠲᠦᠮᠡ ᠭᠠᠷᠤᠢ ᠬᠥᠮᠥᠨ ᠤᠳᠠᠭ᠎ᠠ ᠳᠤᠮᠳᠠ ᠠᠴᠠ ᠨᠢ ᠠᠰᠢᠭ ᠬᠦᠷᠲᠡᠨ᠂ ᠭᠤᠶᠤᠴᠢᠯᠠᠭᠰᠠᠨ ᠤᠳᠠᠭ᠎ᠠ ᠨᠢ ᠬᠠᠮᠤᠭ ᠤᠨ ᠣᠯᠠᠨ ᠳᠤ ᠪᠠᠨ 40 ᠤᠳᠠᠭ᠎ᠠ ᠳᠤ ᠬᠦᠷᠴᠦ᠂ ᠨᠥᠬᠦᠪᠦᠷᠢ ᠮᠥᠩᠭᠦ ᠶᠢᠨ ᠲᠤᠭ᠎ᠠ ᠨᠢ ᠬᠠᠮᠤᠭ ᠤᠨ ᠥᠨᠳᠥᠷ ᠲᠤ ᠪᠠᠨ 34.54 ᠲᠦᠮᠡᠨ ᠲᠥᠭᠦᠷᠢᠭ ᠲᠤ ᠬᠦᠷᠴᠦ᠂ ᠮᠠᠰᠢ ᠣᠯᠠᠨ ᠠᠵᠢᠯᠲᠠᠨ ᠠᠵᠢᠯᠴᠢᠨ ᠤ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠦᠨᠡᠨ ᠬᠦ ᠬᠥᠩᠭᠡᠯᠡᠵᠦ᠂ ︽ᠠᠵᠢᠯᠴᠢᠨ ᠤ ᠡᠪᠯᠡᠯ ᠠᠴᠠ ᠪᠥᠬᠦ ᠲᠠᠯ᠎ᠠ ᠪᠠᠷ ᠤᠬᠠᠭᠤᠯᠤᠨ ᠵᠢᠯᠤᠭᠤᠳᠬᠤ᠂ ᠠᠵᠢᠯᠲᠠᠨ ᠠᠵᠢᠯᠴᠢᠨ ᠢᠳᠡᠪᠬᠢᠲᠡᠢ ᠣᠷᠤᠯᠴᠠᠬᠤ᠂ ᠨᠡᠶᠢᠭᠡᠮ ᠠᠴᠠ ᠬᠦᠴᠦᠲᠡᠢ ᠳᠡᠮᠵᠢᠯᠭᠡ ᠦᠵᠡᠭᠦᠯᠬᠦ᠂ ᠡᠪᠯᠡᠯ ᠤᠨ ᠭᠡᠰᠢᠭᠦᠳ ᠥᠷᠭᠡᠨ ᠢᠶᠠᠷ ᠠᠰᠢᠭ ᠭᠥᠷᠳᠡᠬᠦ︾ ᠰᠠᠶᠢᠨ ᠰᠠᠶᠢᠬᠠᠨ ᠪᠠᠶᠢᠳᠠᠯ ᠢᠯᠡᠷᠡᠭᠰᠡᠨ ᠪᠠᠶᠢᠨ᠎ᠠ᠃          2022 ᠣᠨ ᠳᠤ᠂ ᠥᠪᠥᠷ ᠮᠣᠩᠭᠤᠯ ᠤᠨ ᠠᠵᠢᠯᠲᠠᠨ ᠠᠵᠢᠯᠴᠢᠨ ᠤ ᠡᠮᠴᠢᠯᠡᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠨᠢ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠵᠤ ᠡᠮᠨᠡᠭᠦᠯᠬᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠪᠠ ᠡᠮᠡᠭᠲᠡᠶᠢᠴᠦᠳ ᠤᠨ ᠰᠢᠨ ᠺᠠᠩ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠭᠡᠬᠦ ᠬᠤᠶᠠᠷ ᠠᠭᠤᠯᠭ᠎ᠠ ᠶᠢ ᠬᠠᠮᠤᠷᠴᠠᠢ᠃ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠨᠢ ᠦᠨᠳᠦᠰᠦᠨ ᠱᠠᠲᠤᠨ ᠤ ᠠᠵᠢᠯᠲᠠᠨ ᠠᠵᠢᠯᠴᠢᠨ ᠣᠯᠠᠨ ᠲᠦᠮᠡᠨ ᠤ ᠰᠠᠨᠠᠯ ᠰᠠᠨᠠᠭᠤᠯᠭ᠎ᠠ ᠵᠢᠴᠢ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠤᠶᠠᠳᠠᠭᠢ ᠤᠳᠠᠭ᠎ᠠ ᠰᠢᠯᠢᠳᠡᠭᠵᠢᠭᠦᠯᠦᠨ ᠲᠣᠬᠢᠷᠠᠭᠤᠯᠪᠠ᠃ ᠪᠣᠳᠠᠲᠠᠢ ᠲᠣᠬᠢᠷᠠᠭᠤᠯᠤᠯᠲᠠ ᠨᠢ᠄ ᠭᠤᠶᠤᠴᠢᠯᠠᠨ ᠠᠪᠬᠤ ᠨᠥᠬᠦᠪᠦᠷᠢ ᠶᠢᠨ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠳᠡᠭᠡᠭᠰᠢᠯᠡᠭᠦᠯᠵᠦ᠂ 25 ᠲᠦᠮᠡᠨ ᠲᠥᠭᠦᠷᠢᠭ ᠪᠠᠶᠢᠭᠰᠠᠨ ᠠᠴᠠ 50 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠪᠥᠬᠦ ᠤᠯᠤᠰ ᠤᠨ ᠭᠤᠶᠤᠴᠢᠯᠠᠨ ᠠᠪᠬᠤ ᠨᠥᠬᠦᠪᠦᠷᠢ ᠶᠢᠨ ᠬᠢᠵᠠᠭᠠᠷ ᠲᠤᠭ᠎ᠠ ᠪᠠᠷ ᠬᠠᠮᠤᠭ ᠤᠨ ᠥᠨᠳᠥᠷ ᠭᠠᠵᠠᠷ ᠣᠷᠣᠨ ᠤ ᠨᠢᠭᠡ ᠪᠣᠯᠵᠠᠢ︔ ᠲᠠᠩᠰᠠ ᠲᠠᠶᠢᠯᠬᠤ ᠣᠷᠣᠨ ᠬᠡᠰᠡᠭ ᠪᠠ ᠲᠠᠩᠰᠠ ᠲᠠᠶᠢᠯᠬᠤ ᠬᠠᠷᠢᠴᠠᠯ ᠢ ᠨᠡᠮᠡᠭᠳᠡᠭᠦᠯᠵᠦ᠂ ᠤᠤᠯ ᠤᠨ 3 ᠣᠷᠣᠨ ᠬᠡᠰᠡᠭ ᠠᠴᠠ 6 ᠣᠷᠣᠨ ᠬᠡᠰᠡᠭ ᠪᠣᠯᠭᠠᠨ ᠨᠡᠮᠡᠭᠳᠡᠭᠦᠯᠦᠭᠰᠡᠨ ᠤ ᠬᠠᠮᠲᠤ ᠲᠠᠩᠰᠠ ᠲᠠᠶᠢᠯᠬᠤ ᠬᠠᠷᠢᠴᠠᠯ ᠢ ᠲᠣᠰ ᠲᠣᠰ 10% — 20% ᠪᠠᠷ ᠳᠡᠭᠡᠭᠰᠢᠯᠡᠭᠦᠯᠪᠡ︔ ᠠᠵᠢᠯᠯᠠᠭ᠎ᠠ ᠶᠢᠨ ᠲᠠᠩᠰᠠ ᠲᠠᠶᠢᠯᠬᠤ ᠴᠠᠭ ᠤᠨ ᠬᠢᠵᠠᠭᠠᠷ ᠢ ᠤᠷᠲᠤᠳᠬᠠᠵᠤ᠂ ᠤᠤᠯ ᠤᠨ ᠡᠮᠨᠡᠯᠭᠡ ᠠᠴᠠ ᠭᠠᠷᠴᠤ ᠳ᠋ᠦᠩᠨᠡᠨ ᠪᠤᠳᠤᠭᠰᠠᠨ ᠤ ᠳᠠᠷᠠᠭᠠᠬᠢ 90 ᠡᠳᠦᠷ ᠠᠴᠠ ᠲᠣᠰ ᠨᠢᠭᠡᠴᠢ ᠶᠢᠨ ᠪᠠᠲᠤᠯᠠᠭ᠎ᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭᠠᠬᠢ 90 ᠡᠳᠦᠷ ᠪᠣᠯᠭᠠᠪᠠ᠃        ᠥᠷᠭᠡᠨ ᠣᠯᠠᠨ ᠡᠮᠡᠭᠲᠡᠢ ᠠᠵᠢᠯᠲᠠᠨ ᠠᠵᠢᠯᠴᠢᠨ ᠢ ᠬᠠᠯᠠᠮᠵᠢᠯᠠᠨ ᠬᠠᠶᠢᠷᠠᠯᠠᠵᠤ᠂ ᠣᠨᠴᠠᠭᠠᠶ ᠡᠪᠡᠳᠴᠢᠨ ᠳᠤ ᠨᠡᠷᠪᠡᠭᠳᠡᠭᠰᠡᠨ ᠠᠴᠠ ᠪᠣᠯᠤᠭᠰᠠᠨ ᠠᠵᠤ ᠠᠬᠤᠢ ᠶᠢᠨ ᠳᠠᠷᠤᠭᠠᠰᠤ ᠶᠢ ᠬᠦᠩᠭᠡᠯᠡᠬᠦ ᠶᠢᠨ ᠲᠤᠰᠠᠳᠠ᠂ ᠮᠠᠨ ᠤ ᠣᠷᠣᠨ ᠡᠨᠡ ᠵᠢᠯ ᠠᠩᠬ᠎ᠠ ᠤᠳᠠᠭ᠎ᠠ ︽ᠡᠮᠡᠭᠲᠡᠶᠢᠴᠦᠳ ᠤᠨ ᠰᠢᠨ ᠺᠠᠩ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ︾ ᠶᠢ ᠡᠬᠢᠯᠡᠭᠦᠯᠵᠡᠢ᠃ ᠪᠡᠶ᠎ᠡ ᠮᠠᠬᠠᠪᠤᠳ ᠨᠢ ᠡᠷᠡᠭᠦᠯ ᠴᠢᠭᠢᠷᠠᠭ᠂ ᠪᠦᠬᠦᠯᠢ 60 ᠨᠠᠰᠤᠨ ᠠᠴᠠ ᠳᠣᠷᠤᠭᠰᠢᠬᠢ ᠠᠵᠢᠯᠯᠠᠵᠤ ᠪᠠᠶᠢᠭ᠎ᠠ ᠡᠮᠡᠭᠲᠡᠢ ᠠᠵᠢᠯᠲᠠᠨ ᠠᠵᠢᠯᠴᠢᠨ ᠪᠤᠶᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠳᠤ ᠣᠷᠣᠯᠴᠠᠵᠤ ᠪᠠᠶᠢᠭ᠎ᠠ ᠡᠷᠡᠭᠲᠡᠢ ᠠᠵᠢᠯᠲᠠᠨ ᠠᠵᠢᠯᠴᠢᠨ ᠤ ᠬᠠᠨᠢ ᠨᠦᠬᠦᠷ ᠨᠢ ᠴᠥᠮ ᠡᠨᠡ ᠬᠦ ᠠᠵᠢᠯᠯᠠᠭ᠎ᠠ ᠳᠤ ᠣᠷᠣᠯᠴᠠᠵᠤ ᠪᠣᠯᠣᠨ᠎ᠠ᠃ ᠭᠡᠰᠢᠭᠦᠨ ᠤ ᠰᠦᠢᠳᠬᠡᠯ ᠤᠨ ᠪᠠᠷᠢᠮᠵᠢᠶ᠎ᠠ ᠨᠢ ᠵᠢᠯ ᠪᠦᠷᠢ 35 ᠲᠥᠭᠦᠷᠢᠭ ᠪᠠᠶᠢᠵᠤ᠂ ᠭᠡᠰᠢᠭᠦᠨ ᠨᠢ ᠡᠮᠡᠭᠲᠡᠢ ᠠᠵᠢᠯᠲᠠᠨ ᠠᠵᠢᠯᠴᠢᠨ ᠤ ᠵᠢᠭᠰᠠᠭᠠᠭᠰᠠᠨ 13 ᠲᠥᠷᠥᠯ ᠤᠨ ᠣᠨᠴᠠᠭᠠᠶ ᠡᠪᠡᠳᠴᠢᠨ ᠤ ᠨᠢᠭᠡ ᠵᠦᠢᠯ ᠪᠤᠶᠤ ᠣᠯᠠᠨ ᠵᠦᠢᠯ ᠤᠨ ᠡᠪᠡᠳᠴᠢᠨ ᠢᠶᠠᠷ ᠠᠩᠬ᠎ᠠ ᠤᠳᠠᠭ᠎ᠠ ᠣᠨᠣᠰᠢᠯᠠᠭᠳᠠᠭᠰᠠᠨ ᠪᠠᠶᠢᠪᠠᠯ᠂ ᠲᠣᠭᠲᠠᠭᠠᠯ ᠶᠣᠰᠣᠭᠠᠷ ᠲᠣᠰ ᠲᠣᠰ 1 — 3 ᠲᠦᠮᠡᠨ ᠲᠥᠭᠦᠷᠢᠭ ᠤᠨ ᠬᠠᠷᠢᠯᠴᠠᠨ ᠬᠠᠪᠰᠤᠷᠤᠯᠴᠠᠬᠤ ᠨᠥᠬᠦᠪᠦᠷᠢ ᠮᠥᠩᠭᠦ ᠪᠠ ᠲᠣᠬᠤᠨᠢᠭᠤᠯᠬᠤ ᠮᠥᠩᠭᠦ ᠣᠯᠵᠤ ᠪᠣᠯᠣᠨ᠎ᠠ᠂ ᠬᠠᠮᠤᠭ ᠤᠨ ᠥᠨᠳᠥᠷ ᠲᠤ ᠪᠠᠨ 32000 ᠲᠥᠭᠦᠷᠢᠭ ᠭᠤᠶᠤᠴᠢᠯᠠᠨ ᠠᠪᠴᠤ ᠪᠣᠯᠣᠨ᠎ᠠ᠃         ᠡᠨᠡ ᠵᠢᠯ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠳᠤ ᠨᠠᠩ ᠰᠠᠶᠢᠲᠤᠷ ᠦᠢᠯᠡᠴᠢᠯᠡᠨ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠡᠮᠨᠡᠯᠭᠡ ᠳᠤ ᠰᠠᠭᠤᠵᠤ ᠡᠮᠨᠡᠭᠦᠯᠬᠦ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠳᠤ ᠣᠷᠣᠯᠴᠠᠭᠰᠠᠨ ᠭᠡᠰᠢᠭᠦᠳ ᠲᠤ ᠦᠷᠭᠦᠯᠵᠢᠯᠡᠨ ᠬᠥᠮᠥᠨ ᠪᠦᠷᠢ ᠳᠤ 10 ᠲᠥᠭᠦᠷᠢᠭ ᠨᠥᠬᠦᠪᠦᠷᠢᠯᠡᠨ᠎ᠡ᠃ 3 ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠨᠢᠭᠡᠨᠲᠡ 5000 ᠰᠢᠬᠠᠮ ᠲᠦᠮᠡᠨ ᠲᠥᠭᠦᠷᠢᠭ ᠣᠷᠤᠭᠤᠯᠵᠤ᠂ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠦᠢᠯᠡᠰ ᠤᠨ ᠬᠥᠭᠵᠢᠨ ᠪᠤᠵᠠᠭᠠᠶᠢᠷᠠᠬᠤ ᠶᠢ ᠳᠡᠮᠵᠢᠨ ᠠᠬᠢᠭᠤᠯᠪᠠ᠃    
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ