| ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 15 ᠤ ᠴᠠᠬᠢᠯᠭᠠᠨ ᠮᠡᠳᠡᠭᠡ 5 ᠰᠠᠷ᠎ᠠ ᠶᠢᠨ 16 ᠤ ᠡᠳᠦᠷ ᠬᠡᠪᠯᠡᠭᠳᠡᠭᠰᠡᠨ 10 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠮᠠᠨ ᠤ ᠤᠯᠤᠰ ᠤᠨ ᠬᠥᠭᠵᠢᠯᠲᠡ ᠶᠢᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠵᠥᠪ | ᠲᠠᠨᠢᠵᠤ ᠡᠵᠡᠮᠳᠡᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠮᠠᠨ ᠤ ᠤᠯᠤᠰ ᠤᠨ ᠬᠥᠭᠵᠢᠯᠲᠡ ᠶᠢᠨ ᠳᠣᠲᠣᠭᠠᠳᠤ ᠭᠠᠳᠠᠭᠠᠳᠤ ᠣᠷᠴᠢᠨ ᠳᠤ ᠭᠦᠨᠵᠡᠭᠡᠢ | ᠬᠤᠪᠢᠷᠠᠯᠲᠠ ᠭᠠᠷᠴᠤ᠂ ᠮᠠᠰᠢ ᠤᠯᠠᠨ ᠰᠢᠨ᠎ᠡ ᠴᠢᠬᠤᠯᠠ ᠶᠡᠭᠡ ᠠᠰᠠᠭᠤᠳᠠᠯ ᠳᠤ ᠲᠤᠯᠭᠠᠷᠠᠵᠤ ᠪᠠᠶᠢᠬᠤ ᠶᠢ ᠵᠥᠪ ᠲᠠᠨᠢᠵᠥ ᠡᠵᠡᠮᠳᠡᠬᠦ ᠶᠢ ᠱᠠᠭᠠᠷᠳᠠᠵᠤ ᠪᠠᠶᠢᠨ᠎ᠠ ᠭᠡᠵᠤ | ᠴᠢᠬᠤᠯᠠᠴᠢᠯᠠᠪᠠ᠃ | ᠵᠣᠬᠢᠶᠠᠯ ᠳᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠬᠠᠷᠠᠯᠲᠠ ᠪᠣᠯᠤᠨ ᠦᠢᠯᠡᠳᠦᠯᠭᠡ ᠶᠢᠨ ᠠᠷᠭ᠎ᠠ ᠵᠠᠮ ᠢ ᠵᠥᠪ ᠲᠠᠨᠢᠵᠤ | ᠡᠵᠡᠮᠳᠡᠬᠦ ᠬᠡᠷᠡᠭᠲᠡᠢ᠃ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ᠃ | ᠬᠠᠮᠲᠤ ᠪᠠᠷ ᠪᠠᠶᠠᠵᠢᠬᠤ ᠬᠠᠷᠠᠯᠲᠠ ᠶᠢ ᠪᠡᠶᠡᠯᠡᠭᠦᠯᠬᠦ ᠳᠤ ᠶᠠᠭᠤᠨ ᠤ ᠡᠮᠦᠨ᠎ᠡ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ ᠲᠡᠮᠡᠴᠡᠯ ᠢᠶᠠᠷ ᠳᠠᠮᠵᠢᠭᠤᠯᠤᠨ ︽ | ᠦᠨᠳᠡᠭᠡ ᠲᠠᠢ ᠪᠣᠭᠤᠷᠰᠤᠭ︾ ᠢᠶᠠᠨ ᠲᠣᠮᠣ ᠪᠥᠭᠡᠳ ᠰᠠᠶᠢᠨ ᠬᠢᠵᠦ᠂ ᠳᠠᠷᠠᠭ᠎ᠠ ᠨᠢ ᠵᠦᠢ ᠵᠣᠬᠢᠰᠲᠠᠶ ᠳᠦᠷᠢᠮ ᠤᠨ ᠲᠣᠬᠢᠷᠠᠭᠤᠯᠤᠯᠲᠠ ᠪᠠᠷ ᠳᠠᠮᠵᠢᠭᠤᠯᠤᠨ ︽ | ᠦᠨᠳᠡᠭᠡ ᠲᠠᠢ ᠪᠣᠭᠤᠷᠰᠤᠭ︾ ᠢᠶᠠᠨ ᠰᠠᠶᠢᠲᠤᠷ ᠬᠤᠪᠢᠶᠠᠬᠤ ᠬᠡᠷᠡᠭᠲᠡᠶ᠃ ᠡᠨᠡ ᠪᠣᠯ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ᠂ ᠪᠢᠳᠡ ᠨᠥᠬᠦᠴᠡᠯ | ᠪᠦᠷᠢᠯᠳᠦᠭᠦᠯᠵᠦ ᠪᠠᠶᠢᠭᠠᠳ ᠲᠦᠷᠢᠮ ᠢ ᠲᠡᠭᠦᠯᠳᠡᠷᠵᠢᠭᠦᠯᠵᠦ᠂ ᠡᠨᠡ ᠬᠦ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠬᠤ ᠬᠡᠷᠡᠭᠲᠡᠢ᠃ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤᠮᠳᠠ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠴᠢᠩᠭᠠᠳᠬᠠᠵᠤ᠂ ᠠᠵᠤ ᠠᠬᠤᠶ ᠶᠢᠨ ᠨᠡᠮᠡᠭᠳᠡᠯ ᠤᠨ | ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢ ᠳᠡᠭᠡᠭᠰᠢᠯᠡᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠪᠣᠳᠠᠲᠤ | ᠴᠣᠭᠴᠠ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠬᠥᠳᠡᠯᠮᠦᠷᠢᠴᠢᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠶ᠃ | ᠬᠤᠪᠢᠶᠠᠷᠢᠯᠠᠯᠲᠠ ᠶᠢᠨ ᠴᠢᠳᠠᠪᠬᠢ ᠪᠠ ᠦᠢᠯᠡᠳᠦᠯ ᠢ ᠪᠠᠳᠠᠷᠠᠭᠤᠯᠵᠤ᠂ ᠦᠷ᠎ᠡ ᠪᠦᠲᠦᠮᠵᠢ ᠪᠠ ᠲᠥᠪ ᠭᠤᠣᠯᠴᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ | ᠠᠩᠬᠠᠨ ᠤ ᠬᠤᠪᠢᠶᠠᠷᠢᠯᠠᠯᠲᠠ᠂ ᠲᠠᠬᠢᠨ ᠬᠤᠪᠢᠶᠠᠷᠢᠯᠠᠯᠲᠠ᠂ ᠭᠤᠷᠪᠠᠳᠤᠭᠠᠷ ᠤᠳᠠᠭ᠎ᠠ ᠶᠢᠨ ᠬᠤᠪᠢᠶᠠᠷᠢᠯᠠᠯᠲᠠ ᠶᠢ ᠵᠣᠬᠢᠴᠠᠭᠤᠯᠤᠨ ᠢᠵᠢ ᠪᠦᠷᠢᠳᠤᠬᠦᠯᠬᠦ ᠰᠠᠭᠤᠷᠢ | ᠴᠢᠨᠠᠷᠲᠠᠢ ᠲᠦᠷᠢᠮ ᠤᠨ ᠲᠤᠬᠢᠷᠠᠭᠤᠯᠤᠯᠳᠠ ᠶᠢ ᠪᠠᠶᠢᠭᠤᠯᠬᠤ ᠭᠡᠷᠡᠭᠳᠠᠢ᠃ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠥᠷᠥ ᠶᠢᠨ ᠪᠣᠳᠣᠯᠭ᠎ᠠ ᠲᠦᠷᠢᠮ ᠤᠨ ᠰᠢᠰᠲ᠋ᠧᠮ ᠢ | ᠲᠡᠭᠦᠯᠳᠡᠷᠵᠢᠭᠦᠯᠵᠦ᠂ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠨ᠂ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠠᠷᠠᠳ ᠣᠯᠠᠨ ᠤ | ᠬᠠᠮᠤᠭ ᠠᠴᠠ ᠠᠩᠬᠠᠷᠴᠤ ᠪᠠᠶᠢᠭ᠎ᠠ ᠬᠦᠷᠢᠶᠡᠨ ᠳᠤ ᠣᠯᠠᠨ ᠨᠡᠶᠢᠲᠡ ᠶᠢᠨ ᠦᠨᠳᠦᠰᠦᠨ ᠦᠶ᠋ᠯᠡᠴᠢᠯᠡᠭᠡ ᠶᠢ ᠨᠠᠷᠢᠯᠢᠭ ᠣᠨᠣᠴᠠᠲᠠᠶ ᠬᠠᠩᠭᠠᠬᠤ ᠭᠡᠷᠡᠭᠳᠠᠢ ᠭᠡᠵᠤ ᠵᠢᠭᠠᠵᠤ | ᠭᠠᠷᠭᠠᠪᠠ᠃ | ᠵᠣᠬᠢᠶᠠᠯ ᠳᠤ᠂ ᠬᠦᠷᠦᠩᠭᠡ ᠶᠢᠨ ᠣᠨᠴᠠᠯᠢᠭ ᠪᠠ ᠦᠢᠯᠡ ᠠᠵᠢᠯᠯᠠᠭᠠᠨ ᠤ ᠵᠢᠮ᠎ᠡ ᠶᠣᠰᠣ ᠶᠢ ᠵᠥᠪ ᠲᠠᠨᠢᠵᠤ ᠡᠵᠡᠮᠳᠡᠬᠦ ᠬᠡᠷᠡᠭᠲᠡᠢ᠃ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ ᠪᠣᠯ ᠮᠠᠨ ᠤ ᠨᠠᠮ ᠤᠨ ᠨᠢᠭᠡᠨ ᠠᠭᠤᠤ ᠶᠡᠭᠡ ᠡᠭᠦᠳᠦᠯᠲᠡ ᠮᠥᠨ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠨᠥᠬᠦᠴᠡᠯ ᠳᠣᠣᠷ᠎ᠠ ᠬᠦᠷᠦᠩᠭᠡ ᠶᠢᠨ ᠢᠳᠡᠪᠬᠢ ᠦᠢᠯᠡᠳᠦᠯ ᠢ ᠬᠡᠷᠬᠢᠨ ᠪᠠᠳᠠᠷᠠᠭᠤᠯᠬᠤ ᠶᠢ ᠰᠦᠪᠡᠭᠴᠢᠯᠡᠬᠦ ᠶᠢᠨ ᠬᠠᠮᠲᠤ ᠬᠦᠷᠦᠩᠭᠡ ᠶᠢᠨ ᠨᠠᠵᠠᠭᠠᠢ | ᠦᠢᠯᠡᠳᠦᠯ ᠢ ᠪᠦᠲᠦᠮᠵᠢᠲᠡᠢ ᠪᠠᠷ ᠬᠢᠵᠠᠭᠠᠷᠯᠠᠬᠤ ᠬᠡᠷᠡᠭᠲᠡᠢ᠃ ᠬᠦᠷᠦᠩᠭᠡ ᠳᠤ ︽ᠤᠯᠠᠭᠠᠨ ᠨᠣᠭᠤᠭᠠᠨ ᠳ᠋ᠧᠩ︾ ᠲᠤᠬᠢᠷᠠᠭᠤᠯᠤᠨ ᠥᠭᠴᠦ᠂ ᠵᠠᠷᠢᠮ ᠬᠦᠷᠦᠩᠭᠡ ᠶᠢᠨ | ᠵᠡᠷᠯᠢᠭ ᠪᠠᠯᠠᠮᠠᠳ ᠢᠶᠠᠷ ᠪᠤᠶᠢᠵᠢᠬᠤ ᠶᠢ ᠰᠡᠷᠭᠡᠶᠢᠯᠡᠨ ᠬᠤᠷᠢᠭᠯᠠᠵᠤ᠂ ᠬᠦᠷᠦᠩᠭᠡ ᠶᠢᠨ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ | ᠬᠦᠷᠦᠩᠭᠡ ᠶᠢᠨ ᠵᠢᠷᠤᠮᠵᠢᠭᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠪᠠ ᠬᠥᠲᠥᠯᠥᠨ ᠵᠢᠯᠣᠭᠤᠳᠴᠤ᠂ ᠨᠡᠶᠢᠭᠡᠮ ᠵᠢᠷᠤᠮ ᠤᠨ ᠦᠨᠳᠦᠰᠦᠨ ᠠᠵᠤ ᠠᠬᠤᠶ ᠶᠢᠨ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠶ ᠶᠢ ᠡᠷᠡᠰ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠵᠤ᠂ ᠳᠡᠮᠵᠢᠵᠦ᠂ ᠬᠥᠲᠥᠯᠥᠨ ᠵᠢᠯᠣᠭᠤᠳᠴᠤ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠦᠮᠦᠰ ᠤᠨ | ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠠᠩᠬᠠᠨ ᠤ ᠪᠦᠲᠦᠭᠡᠭᠳᠡᠭᠦᠨ ᠤ ᠬᠠᠩᠭᠠᠯᠭ᠎ᠠ ᠶᠢᠨ ᠪᠠᠳᠤᠯᠠᠭ᠎ᠠ ᠶᠢ ᠵᠥᠪ ᠲᠠᠨᠢᠵᠤ ᠡᠵᠡᠮᠳᠡᠬᠦ ᠬᠡᠷᠡᠭᠲᠡᠢ᠃ ᠠᠩᠬᠠᠨ ᠤ ᠪᠦᠲᠦᠭᠡᠭᠳᠡᠬᠦᠨ ᠤ | ᠬᠠᠩᠭᠠᠯᠭ᠎ᠠ ᠶᠢ ᠰᠠᠶᠢᠲᠤᠷ ᠪᠠᠲᠤᠯᠠᠬᠤ ᠪᠣᠯ ᠨᠢᠭᠡᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠰᠠᠭᠤᠳᠠᠯ ᠮᠥᠨ᠂ ᠡᠷᠬᠡᠪᠰᠢ ᠪᠠᠶᠢᠯᠳᠤᠬᠤ | ᠪᠤᠳᠤᠯᠭ᠎ᠠ ᠶᠢᠨ ᠲᠥᠯᠥᠪᠵᠢᠭᠦᠯᠭᠡ ᠪᠠᠨ ᠴᠢᠩᠭᠠᠳᠬᠠᠵᠤ᠂ ᠡᠷᠲᠡᠬᠡᠨ ᠲᠤᠬᠢᠷᠠᠭᠤᠯᠤᠯᠳᠠ ᠬᠢᠵᠦ᠂ ᠬᠠᠩᠭᠠᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ | ᠬᠡᠷᠡᠭᠲᠡᠢ᠃ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ | ᠡᠯ᠎ᠡ ᠬᠦᠷᠢᠶᠡᠨ ᠤ ᠠᠷᠪᠢᠯᠠᠨ ᠭᠠᠮᠨᠠᠬᠤ ᠠᠵᠢᠯᠯᠠᠭ᠎ᠠ ᠶᠢ ᠠᠬᠢᠭᠤᠯᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠡᠬᠢ ᠪᠠᠶᠠᠯᠢᠭ ᠤᠨ ᠦᠢᠯᠡᠳᠪᠦᠷᠢᠯᠡᠯ ᠤᠨ | ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ᠃ ᠭᠠᠳᠠᠭᠠᠳᠤ ᠳᠠᠬᠢ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠰᠢᠯᠢᠳᠡᠭᠵᠢᠭᠦᠯᠦᠨ᠎ᠡ᠃ | ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠬᠡᠵᠢᠶ᠎ᠡ ᠴᠦ ᠭᠡᠰᠡᠨ ᠴᠥᠮ ᠥᠪᠡᠷ ᠤᠨ ᠭᠠᠷ ᠲᠠᠭᠠᠨ ᠪᠠᠲᠤ ᠡᠵᠡᠮᠳᠡᠵᠦ᠂ ᠮᠠᠨ ᠤ ᠪᠤᠳᠠᠭᠠᠨ ᠠᠶᠠᠭᠠᠨ ᠳᠤ ᠭᠤᠣᠯᠳᠠᠭᠤ | ᠳᠤᠮᠳᠠᠳᠤ ᠤᠯᠤᠰ ᠤᠨ ᠠᠮᠤ ᠪᠤᠳᠠᠭ᠎ᠠ ᠶᠢ ᠬᠢᠬᠦ ᠬᠡᠷᠡᠭᠲᠡᠢ᠃ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠨᠡᠩ | ᠲᠤᠪᠤᠶᠢᠮ᠎ᠠ ᠪᠠᠶᠢᠷᠢᠨ ᠳᠤ ᠲᠠᠯᠪᠢᠵᠤ᠂ ᠬᠦᠨᠡᠰᠦᠨ ᠠᠮᠤ ᠶᠢᠨ ᠬᠠᠷᠢᠴᠠᠯᠠᠰᠢᠬᠦᠢ ᠠᠮᠤᠷ ᠲᠦᠪᠰᠢᠨ᠂ ᠠᠮᠤ ᠪᠤᠳᠠᠭ᠎ᠠ ᠶᠢ ᠦᠨᠳᠦᠰᠦᠨ ᠳᠡᠭᠡᠨ ᠥᠪᠡᠰᠦᠪᠡᠨ | ᠬᠠᠩᠭᠠᠬᠤ ᠶᠢ ᠦᠨᠡᠨ ᠬᠦ ᠪᠠᠲᠤᠯᠠᠵᠤ᠂ ᠲᠣᠰᠣᠯᠢᠭ ᠲᠠᠷᠢᠮᠠᠯ᠂ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠴᠢᠳᠠᠪᠤᠷᠢ ᠪᠠ ᠥᠪᠡᠷ ᠢ ᠪᠠᠨ ᠬᠠᠩᠭᠠᠬᠤ ᠨᠤᠷᠮ᠎ᠠ ᠶᠢ | ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠵᠥᠪ ᠲᠠᠨᠢᠵᠤ ᠡᠵᠡᠮᠳᠡᠬᠦ ᠬᠡᠷᠡᠭᠲᠡᠢ᠃ ᠬᠤᠷᠢᠭ᠎ᠠ ᠱᠤᠭᠤᠮ ᠤᠨ | ᠰᠡᠳᠭᠢᠬᠦᠢ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠪᠣᠯᠤᠨ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠰᠠᠶᠢᠲᠤᠷ | ᠪᠠᠳᠠᠷᠠᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠪᠤᠶᠤ ᠬᠢᠮᠤᠷᠠᠯ ᠭᠠᠷᠬᠤ ᠠᠴᠠ ᠬᠦᠴᠦᠯᠡᠨ ᠵᠠᠶᠢᠯᠠᠰᠭᠢᠬᠦ ᠬᠡᠷᠡᠭᠲᠡᠢ᠃ ᠦᠷᠭᠦᠯᠵᠢᠯᠡᠨ ᠶᠡᠭᠡ ᠲᠠᠯ᠎ᠠ ᠶᠢ | ᠲᠣᠭᠲᠠᠪᠦᠷᠢᠵᠢᠭᠤᠯᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠤᠨᠤᠴᠠᠳᠠᠢ ᠪᠠᠷ ᠵᠠᠳᠠᠯᠬᠤ | ᠦᠨᠳᠦᠰᠦᠨ ᠴᠢᠭᠯᠡᠯᠲᠡ ᠶᠣᠰᠣᠭᠠᠷ᠂ ᠠᠶᠤᠯ ᠲᠦᠭᠰᠢᠭᠦᠷᠢ ᠶᠢ ᠰᠢᠶ᠋ᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠬᠠᠤᠯᠢ ᠶᠣᠰᠣᠭᠠᠷ | ᠲᠣᠭᠲᠠᠭᠠᠯ ᠳᠤ ᠨᠡᠶᠢᠴᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠦᠢᠴᠡᠳ ᠡᠬᠢ ᠪᠠᠶᠠᠯᠢᠭ ᠲᠠᠢ | ᠪᠠᠶᠢᠵᠤ᠂ ᠡᠯ᠎ᠡ ᠲᠠᠯ᠎ᠠ ᠶᠢᠨ ᠬᠢᠨ ᠥᠷᠭᠡᠨ ᠢᠶᠠᠷ ᠬᠠᠮᠵᠢᠯᠴᠠᠵᠤ᠂ ᠵᠠᠬ᠎ᠠ ᠳᠡᠯᠭᠡᠭᠦᠷ ᠠᠯᠤᠰᠯᠠᠭᠰᠠᠨ ᠠᠵᠢᠯ ᠲᠦᠷᠦᠯ ᠠᠯᠤᠰᠯᠠᠭᠰᠠᠨ ᠨᠢᠭᠡᠳᠦᠯᠲᠡᠢ ᠲᠥᠯᠥᠪᠵᠢᠭᠦᠯᠦᠨ | ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠵᠥᠪ | ᠲᠠᠨᠢᠵᠤ ᠡᠵᠡᠮᠳᠡᠬᠦ ᠬᠡᠷᠡᠭᠲᠡᠢ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ | ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ ᠪᠤᠳᠤᠯᠢᠶᠠᠨᠲᠠᠢ ᠢᠨᠵᠧᠨᠧᠷᠢᠩ ᠪᠠ ᠤᠷᠳᠤ ᠬᠤᠭᠤᠴᠠᠭᠠᠨ ᠤ ᠡᠭᠦᠷᠭᠡ ᠮᠥᠨ᠃ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠶᠢ ᠭᠤᠶᠢᠪᠢᠰᠢ ᠦᠭᠡᠢ | ᠠᠬᠢᠭᠤᠯᠬᠤ ᠬᠡᠷᠡᠭᠲᠡᠢ᠂ ᠭᠡᠪᠡᠴᠦ ᠨᠢᠭᠡ ᠯᠡ ᠳᠡᠭᠡᠷ᠎ᠡ ᠪᠦᠲᠦᠭᠡᠵᠦ ᠳᠡᠶᠢᠯᠬᠦ ᠦᠭᠡᠢ ᠶᠤᠮ᠂ ᠲᠣᠭᠲᠠᠭᠤᠨ ᠤ ᠲᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ | ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ᠪᠦᠬᠦ ᠤᠯᠤᠰ ᠢᠶᠠᠷ ᠢᠶᠠᠨ ᠨᠢᠭᠡᠳᠦᠯᠲᠡᠢ ᠲᠥᠯᠥᠪᠵᠢᠭᠦᠯᠬᠦ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ | ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ᠂ ᠳᠣᠲᠣᠭᠠᠳᠤ ᠭᠠᠳᠠᠭᠠᠳᠤ ᠶᠢ ᠰᠢᠯᠤᠭᠤᠳᠬᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠠᠷᠴᠢᠮ ᠢ ᠪᠠᠷᠢᠮᠲᠠᠯᠠᠬᠤ | ᠬᠡᠷᠡᠭᠲᠡᠢ᠃ ᠨᠡᠭᠦᠷᠡᠰᠦ ᠪᠠᠷ ᠭᠤᠣᠯ ᠪᠣᠯᠭᠠᠭᠰᠠᠨ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠪᠠᠷ | ᠠᠰᠢᠭᠯᠠᠬᠤ ᠶᠢ ᠰᠠᠶᠢᠲᠤᠷ ᠠᠳᠬᠤᠵᠤ᠂ ᠰᠢᠨ᠎ᠡ ᠡᠨᠧᠷᠭᠢ ᠶᠢ ᠰᠢᠩᠭᠡᠭᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ | ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭ᠎ᠠ ᠠᠳᠬᠤᠵᠤ᠂ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠨ᠎ᠡ᠃ ᠰᠢᠨᠵᠢᠯᠡᠬᠦ | ᠤᠬᠠᠭᠠᠨᠴᠢ ᠪᠠᠷ ᠬᠢᠨᠠᠨ ᠰᠢᠯᠭᠠᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠳᠦᠷᠢᠮ ᠢ ᠲᠡᠭᠦᠯᠳᠡᠷᠵᠢᠭᠦᠯᠦᠨ᠂ ᠪᠣᠬᠢᠷᠲᠤᠯ ᠢ | ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠪᠠᠭᠠᠰᠬᠠᠬᠤ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠦᠷᠭᠡᠳᠭᠡᠨ ᠪᠤᠶ ᠪᠣᠯᠭᠠᠨ᠎ᠠ᠃ ︽ | ᠬᠤᠶᠠᠷ ᠢ ᠬᠢᠵᠠᠭᠠᠷᠯᠠᠬᠤ︾᠂ ︽ᠬᠤᠤᠰ ᠨᠡᠭᠦᠷᠡᠰᠦᠲᠥ᠋ᠷᠥᠭᠴᠢ︾ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠳᠥᠭᠦᠮᠬᠡᠨ ᠱᠠᠳᠤ ᠱᠠᠳᠤ ᠪᠠᠷ | ᠵᠠᠳᠠᠯᠬᠤ ᠶᠢ ᠰᠡᠷᠭᠡᠶᠢᠯᠡᠨ ᠬᠤᠷᠢᠠᠠᠯᠠᠨ᠎ᠠ᠃ ᠡᠨᠧᠷᠭᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ ᠡᠨᠧᠷᠭᠢ ᠶᠢᠨ ᠬᠦᠴᠦᠷᠬᠡᠭ ᠤᠯᠤᠰ ᠢ ᠲᠦᠷᠭᠡᠳᠭᠡᠨ ᠪᠦᠲᠦᠭᠡᠨ | ᠪᠠᠶᠢᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃ |