ᠤᠷᠠᠳ ᠤᠨ ᠬᠤᠶᠢᠳᠤ ᠬᠤᠰᠢᠭᠤ ᠰᠤᠶᠤᠯ ᠵᠤᠭᠠᠴᠠᠯ ᠤᠨ ᠦᠢᠯᠡᠰ ᠤᠨ ᠬᠦᠭᠵᠢᠯᠳᠠ ᠳᠤ ᠭᠤᠶᠢᠳᠤ ᠰᠠᠶᠢᠬᠠᠨ ᠲᠦᠷᠢ ᠲᠦᠷᠬᠦ ᠪᠠᠨ ᠢᠯᠡᠷᠡᠬᠦᠯᠤᠯ᠎ᠠ
ᠨᠡᠶᠢᠲᠡᠯᠡᠭᠰᠡᠨ ᠴᠠᠭ᠄
2022/5/24
           5 ᠳ᠋ᠤᠭᠠᠷ ᠰᠠᠷ᠎ᠠ ᠶᠢᠨ 19 ᠤ ᠡᠳᠦᠷ᠂ ︽ᠳᠤᠮᠳᠠᠳᠤ ᠶᠢᠨ ᠰᠣᠶᠣᠯ ᠢ ᠣᠶᠢᠯᠠᠭᠠᠵᠤ᠂ ᠰᠠᠶᠢᠨ ᠰᠠᠶᠢᠬᠠᠨ ᠵᠢᠭᠤᠯᠴᠢᠯᠠᠯ ᠢ ᠡᠳ᠋ᠯᠡᠶ᠎ᠡ︾ ᠭᠡᠬᠦ ᠭᠤᠤᠯ ᠰᠡᠳᠦᠪᠲᠦ 2022 ᠣᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠪᠠᠶᠠᠨᠨᠠᠭᠤᠷ ᠬᠤᠲᠠ ᠶᠢᠨ ᠭᠤᠤᠯ ᠰᠡᠳᠦᠪᠲᠦ ᠠᠵᠢᠯᠯᠠᠭ᠎ᠠ ᠵᠢᠴᠢ ᠪᠠᠶᠠᠨᠨᠠᠭᠤᠷ ᠤᠨ ᠬᠥᠮᠦᠨ  ᠪᠠᠶᠠᠨᠨᠠᠭᠤᠷ ᠢᠶᠠᠷ ᠵᠤᠭᠠᠴᠠᠬᠤ ᠡᠬᠢᠯᠡᠯᠲᠡ ᠶᠢᠨ ᠶᠣᠰᠣᠯᠠᠯ  ᠯᠢᠨ ᠡᠾᠧ ᠲᠣᠭᠤᠷᠢᠭ ᠤᠨ ᠬᠠᠲᠤᠨ ᠭᠤᠤᠯ ᠤᠨ  ᠰᠣᠶᠣᠯ  ᠵᠢᠭᠤᠯᠴᠢᠯᠠᠯ ᠤᠨ ᠠᠵᠤ  ᠦᠢᠯᠡᠰ ᠤᠨ ᠬᠦᠷᠢᠶᠡᠯᠡᠩ ᠳᠤ ᠶᠠᠪᠤᠭᠳᠠᠪᠠ᠃            ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠤ ᠢᠦᠶ ᠯᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠳ᠋ᠢ ᠷᠦᠢ ᠵᠧᠨ᠂ ᠬᠤᠲᠠ ᠶᠢᠨ ᠤᠳᠤᠷᠢᠳᠤᠯᠭ᠎ᠠ ᠬᠦᠬᠡ᠂ ᠵᠣᠣ ᠵᠢᠶᠦ᠋ᠨ ᠯᠢᠩ᠂ ᠠᠴᠢᠲᠤ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠬᠠᠷᠠᠭᠠᠨ ᠳᠠᠪᠲᠠᠮᠵᠢ ᠪᠠᠷ ᠬᠤᠯᠪᠣᠬᠤ ᠠᠷᠭ᠎ᠠ ᠮᠠᠶ᠋ᠢᠭ ᠢᠶᠠᠷ ᠥᠪᠡᠷᠲᠡᠭᠡᠨ ᠵᠠᠰᠠᠬᠤ ᠣᠷᠣᠨ ᠤ ᠪᠤᠰᠤᠳ ᠠᠶᠢᠮᠠᠭ ᠬᠤᠲᠠ ᠲᠠᠢ ︽ᠡᠭᠦᠯᠡᠨ ᠬᠤᠷᠰᠢᠯᠴᠠᠭ᠎ᠠ︾ ᠬᠢᠬᠦ ᠶᠢᠨ ᠬᠠᠮᠲᠤ ᠡᠯ᠎ᠡ ᠠᠶᠢᠮᠠᠭ ᠬᠤᠲᠠ ᠶᠢᠨ ᠠᠵᠢᠯᠯᠠᠭ᠎ᠠ ᠶᠢᠨ ᠦᠪᠡᠳᠡᠭᠰᠢ ᠪᠠᠶᠢᠳᠠᠯ ᠢ   ᠨᠡᠪᠳᠠᠷᠠᠬᠦᠯᠪᠠ᠃            ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠤᠢ ᠤᠷᠠᠳ ᠤᠨ ᠬᠤᠶᠢᠲᠤ ᠬᠤᠰᠢᠭᠤᠨ ᠤ ᠡᠮᠦᠨ᠎ᠡ ᠠᠴᠠ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠣᠷᠣᠨ ᠤ ᠳᠣᠲᠣᠨ᠎ᠠ ᠭᠠᠳᠠᠨᠠᠬᠢ ᠨᠠᠶᠢᠵᠠ ᠨᠠᠷ ᠲᠤ ︽ᠠᠷᠤ ᠭᠠᠵᠠᠷ ᠤᠨ ᠨᠢᠭᠤᠴᠠ ᠬᠢᠯᠢ — ᠤᠷᠠᠳ ᠤᠨ ᠬᠤᠶᠢᠲᠤ ᠬᠤᠰᠢᠭᠤ ᠲᠠᠨ ᠢ  ᠤᠬᠳᠤᠨᠠᠮ︾ ᠭᠡᠬᠦ ᠵᠤᠭᠠᠴᠠᠯ ᠤᠨ ᠲᠠᠨᠢᠯᠴᠠᠭᠤᠯᠭ᠎ᠠ ᠬᠢᠪᠡ᠃           ᠲᠣᠰ ᠤᠳᠠᠭᠠᠨ ᠤ ᠠᠵᠢᠯᠯᠠᠭ᠎ᠠ ᠳᠤ᠂ ᠤᠷᠠᠳ ᠤᠨ ᠬᠤᠶᠢᠲᠤ ᠬᠤᠰᠢᠭᠤ ᠪᠣᠯ ᠯᠢᠨ ᠾᠧ ᠲᠣᠭᠤᠷᠢᠭ ᠠᠴᠠ ᠪᠤᠰᠤᠳ ᠪᠥᠬᠦ ᠬᠤᠲᠠ ᠶᠢᠨ ᠴᠣᠷ ᠤᠨ ᠭᠠᠭᠴᠠ ᠲᠤᠬᠠᠶ ᠶᠢᠨ ᠲᠠᠯᠠᠪᠤᠷ ᠤᠨ ᠵᠢᠭᠤᠯᠴᠢᠯᠠᠯ ᠤᠨ ᠲᠠᠨᠢᠯᠴᠠᠭᠤᠯᠭ᠎ᠠ ᠬᠢᠭᠰᠡᠨ ᠬᠤᠰᠢᠭᠤ ᠰᠢᠶᠠᠨ ᠪᠣᠯᠤᠨ᠎ᠠ᠃ ᠳᠤᠮᠳᠠᠳᠤ ᠤᠯᠤᠰ ᠤᠨ ᠭᠤᠪᠢ ᠶᠢᠨ ᠤᠯᠠᠭᠠᠨ ᠲᠡᠮᠡᠭᠡᠨ ᠤ ᠨᠤᠲᠤᠭ᠂ ᠳᠤᠮᠳᠠᠳᠤ ᠤᠯᠤᠰ ᠤᠨ ᠭᠤᠪᠢ ᠶᠢᠨ ᠴᠢᠯᠠᠭᠤᠨ ᠨᠤᠲᠤᠭ᠂ ᠳᠤᠮᠳᠠᠳᠤ ᠤᠯᠤᠰ ᠤᠨ ᠲᠡᠮᠡᠭᠡᠨ ᠪᠥᠮᠪᠦᠭᠡ ᠶᠢᠨ ᠨᠤᠲᠤᠭ᠂ ᠠᠩᠬᠠᠨ ᠤ ᠡᠪᠡᠷᠲᠦ ᠬᠦᠷᠪᠠᠯ ᠤᠨ ᠨᠤᠲᠤᠭ   ᠪᠤᠯᠤᠬᠰᠠᠨ ᠤ ᠬᠤᠪᠢ ᠳᠤ᠂ ᠤᠷᠠᠳ ᠤᠨ ᠬᠤᠶᠢᠲᠤ ᠬᠤᠰᠢᠭᠤᠨ ᠤ ᠠᠮᠢ ᠠᠬᠤᠶ᠂ ᠴᠡᠪᠡᠷ ᠪᠠᠶᠢᠭᠠᠯᠢ ᠶᠢᠨ ᠥᠩᠭᠡ ᠦᠵᠡᠮᠵᠢ᠂ ᠥᠨᠢ ᠤᠳᠠᠭᠠᠨ ᠰᠣᠶᠣᠯ ᠢᠷᠭᠡᠨᠰᠢᠯ ᠤᠨ ᠲᠡᠤᠬᠡ᠂ ᠰᠡᠯᠡᠭᠦᠴᠡᠯ  ᠵᠤᠭᠠᠴᠠᠯ  ᠤᠨ ᠤᠷᠤᠨ ᠨᠢ   ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠡᠯ᠎ᠡ ᠲᠠᠯ᠎ᠠ ᠶᠢᠨ ᠵᠣᠴᠢᠳ ᠲᠤ ᠭᠦᠨ ᠰᠠᠭᠤᠭᠳᠠᠯ ᠦᠯᠡᠳᠡᠭᠡᠭᠰᠡᠨ ᠪᠠᠶᠢᠨ᠎ᠠ᠃              ᠤᠷᠠᠳ ᠤᠨ ᠬᠤᠶᠢᠲᠤ ᠬᠤᠰᠢᠭᠤᠨ ᠤ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠡᠬᠢ ᠪᠠᠶᠠᠯᠢᠭ ᠢ ᠨᠠᠩ  ᠰᠠᠶᠢᠨ ᠤᠬᠠᠭᠤᠯᠤᠨ ᠲᠠᠨᠢᠯᠴᠠᠭᠤᠯᠵᠤ᠂ ᠰᠣᠶᠣᠯ ᠵᠢᠭᠤᠯᠴᠢᠯᠠᠯ ᠤᠨ ᠠᠵᠤ  ᠦᠢᠯᠡᠰ ᠤᠨ ᠬᠡᠷᠡᠭᠯᠡᠭᠡ ᠶᠢ ᠬᠥᠭᠵᠢᠭᠡᠬᠦ ᠶᠢᠨ ᠲᠥᠯᠥᠭᠡ᠂  ᠲᠤᠰ ᠠᠵᠢᠯᠯᠠᠭ᠎ᠠ ᠳᠤ ᠤᠷᠠᠳ ᠤᠨ ᠬᠤᠶᠢᠲᠤ ᠬᠤᠰᠢᠭᠤᠨ ᠤ ᠦᠨᠳᠦᠰᠦᠲᠡᠨ ᠤ ᠭᠠᠷ ᠤᠷᠠᠴᠤᠳ ᠪᠠᠰᠠ ᠤᠷᠠᠳ ᠤᠨ ᠤᠯᠠᠮᠵᠢᠯᠠᠯᠲᠤ ᠬᠠᠳᠬᠤᠮᠠᠯ ᠤᠨ ᠤᠷᠠᠯᠠᠯ ᠢ ᠲᠤᠬᠠᠶ ᠶᠢᠨ ᠲᠠᠯᠠᠪᠠᠶ ᠳᠤ ᠳᠡᠯᠭᠡᠨ ᠦᠵᠡᠭᠦᠯᠵᠦ᠂ ᠵᠢᠭᠤᠯᠴᠢᠯᠠᠯ ᠤᠨ ᠦᠢᠯᠡᠴᠢᠯᠡᠬᠡᠨ ᠤ ᠲᠥᠪ ᠤᠨ ᠠᠵᠢᠯᠲᠠᠳ ᠡᠯ᠎ᠡ ᠡᠲᠡᠭᠡᠳ ᠤᠨ ᠣᠯᠠᠨ ᠲᠦᠮᠡᠨ ᠳᠤ 25 ᠲᠦᠮᠡ ᠭᠠᠷᠤᠶ ᠲᠥᠭᠦᠷᠢᠭ ᠤᠨ ᠦᠨ᠎ᠡ ᠥᠷᠲᠡᠭ ᠲᠠᠢ ᠮᠠᠨ ᠤ ᠬᠤᠰᠢᠭᠤᠨ ᠤ ᠦᠵᠡᠮᠵᠢ ᠶᠢᠨ ᠣᠷᠣᠨ ᠤ ᠡᠭᠦᠳᠡᠨ ᠪᠢᠯᠧᠲ ᠪᠠ ᠬᠠᠷᠠᠭᠠᠯᠵᠠᠯ ᠲᠠᠢ ᠵᠣᠭᠤᠰ ᠣᠷᠣᠯᠠᠬᠤ ᠲᠡᠮᠳᠡᠭᠲᠦ ᠲᠠᠷᠬᠠᠭᠠᠪᠠ᠃ 
ᠢᠷᠡᠯᠲᠡ᠄ ᠲᠤᠰ ᠰᠦᠯᠵᠢᠶ᠎ᠠ