| 5 ᠰᠠᠷ᠎ᠠ ᠶᠢᠨ 20 ᠤ ᠡᠳᠦᠷ᠂ ᠪᠦᠬᠦ ᠣᠷᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠤᠨ ᠲᠧᠯᠸᠢᠰ ᠤᠲᠠᠰᠤ ᠬᠤᠷᠠᠯ | ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠣᠳᠣᠬᠠᠨ ᠤ ᠮᠠᠨ ᠤ ᠣᠷᠣᠨ ᠤ ᠠᠵᠢᠯ ᠣᠯᠭᠤᠯᠲᠠ ᠶᠢᠨ ᠪᠠᠶᠢᠳᠠᠯ ᠢ ᠭᠦᠨᠵᠡᠭᠡᠶ ᠵᠠᠳᠠᠯᠵᠤ᠂ ᠪᠥᠬᠦ ᠣᠷᠣᠨ ᠤ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠰᠠᠶᠢᠳᠤᠷ ᠬᠢᠬᠦ ᠲᠤᠬᠠᠢ ᠲᠣᠬᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠮᠠᠨ ᠤ ᠣᠷᠣᠨ ᠤ ᠠᠵᠢᠯ ᠣᠯᠭᠤᠯᠲᠠ ᠶᠢᠨ ᠠᠵᠢᠯ ᠳᠤ ᠲᠤᠯᠭᠠᠷᠠᠵᠤ | ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠶ᠋ᠴᠡᠳ ᠲᠠᠨᠢᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠦᠨᠡᠨ ᠬᠦ ᠨᠠᠩ ᠲᠣᠪᠤᠶᠢᠮ᠎ᠠ ᠪᠠᠶᠢᠷᠢᠨ ᠳᠤ | ᠲᠠᠯᠪᠢᠵᠤ᠂ ᠨᠠᠩ ᠥᠨᠳᠥᠷ ᠵᠣᠭᠰᠣᠴᠠ᠂ ᠨᠠᠩ ᠶᠡᠭᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠴᠢᠩᠭ᠎ᠠ ᠱᠠᠭᠠᠷᠳᠠᠯᠭ᠎ᠠ ᠪᠠᠷ ᠦᠷᠭᠦᠯᠵᠢᠯᠡᠨ ᠬᠦᠴᠦᠯᠡᠵᠦ | ᠠᠵᠢᠯ ᠣᠯᠭᠤᠯᠲᠠ ᠶᠢᠨ ᠠᠵᠢᠯ ᠢ ᠠᠬᠢᠭᠤᠯᠵᠤ᠂ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠶ᠃ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠲᠣᠭᠲᠠᠪᠤᠷᠢᠵᠢᠭᠤᠯᠤᠨ ᠥᠷᠭᠡᠳᠭᠡᠵᠦ᠂ ᠠᠵᠢᠯ | ᠦᠶ᠋ᠯᠡᠳᠪᠦᠷᠢᠯᠡᠯ ᠢᠶᠠᠨ ᠲᠦᠷᠭᠡᠳᠭᠡᠨ ᠰᠡᠷᠭᠦᠭᠡᠵᠦ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠶ᠋ᠳᠪᠦᠷᠢᠯᠡᠵᠦ ᠠᠵᠢᠯ ᠣᠯᠭᠤᠯᠲᠠ ᠶᠢ ᠪᠠᠲᠤᠯᠠᠵᠤ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ ᠠᠵᠢᠯ ᠣᠯᠭᠤᠯᠲᠠ ᠶᠢ ᠥᠷᠭᠡᠳᠭᠡᠵᠦ᠂ | ᠦᠶ᠋ᠯᠡᠰ ᠪᠤᠰᠬᠠᠬᠤ ᠪᠠᠷ ᠲᠠᠶᠢᠴᠢᠯᠠᠨ ᠠᠵᠢᠯ ᠣᠯᠭᠤᠯᠲᠠ ᠶᠢ ᠨᠡᠮᠡᠭᠳᠡᠭᠦᠯᠬᠦ ᠬᠡᠷᠡᠭᠲᠡᠶ᠃ ᠠᠷᠭ᠎ᠠ ᠪᠦᠬᠦᠨ ᠢ ᠰᠦᠪᠡᠭᠴᠢᠯᠡᠨ ᠭᠤᠤᠯᠳᠠᠯᠭ᠎ᠠ ᠲᠠᠢ ᠬᠥᠮᠦᠰ ᠤᠨ ᠠᠵᠢᠯ | ᠣᠯᠭᠤᠯᠲᠠ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠣᠯᠭᠠᠵᠤ᠂ | ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠢ ᠰᠢᠯᠵᠢᠭᠦᠯᠦᠨ ᠠᠵᠢᠯ ᠣᠯᠭᠤᠬᠤ ᠠᠷᠭ᠎ᠠ ᠵᠠᠮ ᠢ ᠥᠷᠭᠡᠳᠭᠡᠵᠦ᠂ ᠠᠵᠢᠯ ᠤᠯᠬᠤ ᠳᠤ ᠬᠦᠴᠢᠷᠲᠡᠶ ᠬᠥᠮᠦᠰ ᠢ | ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠠᠵᠢᠯ ᠣᠯᠭᠤᠯᠲᠠ ᠶᠢᠨ ᠦᠶ᠋ᠯᠡᠴᠢᠯᠡᠭᠡ ᠶᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ | ᠠᠵᠢᠯᠲᠠᠨ ᠡᠯᠰᠡᠬᠦ ᠦᠶ᠋ᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠪᠣᠳᠠᠲᠤ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠶ᠋ᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠳᠡᠢ᠃ ᠠᠵᠢᠯ ᠠᠯᠳᠠᠭᠰᠠᠳ ᠤᠨ ᠦᠨᠳᠦᠰᠦᠨ ᠵᠦᠢᠯ ᠢ ᠪᠠᠲᠤᠯᠠᠬᠤ ᠶᠢ ᠦᠨᠡᠨ ᠬᠦ ᠴᠢᠩᠭᠠᠳᠬᠠᠵᠤ᠂ ᠠᠵᠢᠯ ᠠᠯᠳᠠᠭᠰᠠᠳ ᠤᠨ ᠦᠨᠳᠦᠰᠦᠨ ᠠᠮᠢᠳᠤᠷᠠᠯ ᠢ | ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠡᠯ᠎ᠡ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠣᠰ ᠭᠠᠵᠠᠷ ᠣᠷᠣᠨ ᠤ ᠪᠠᠨ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠡᠭᠦᠷᠭᠡᠯᠡᠵᠦ᠂ ᠡᠭᠦᠷᠭᠡ ᠴᠢᠳᠠᠪᠬᠢᠳᠦ ᠰᠠᠯᠠᠭ᠎ᠠ | ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠭᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠪᠣᠳᠠᠲᠠᠶ ᠠᠳᠬᠤᠵᠤ ᠰᠠᠶᠢᠲᠤᠷ ᠠᠳᠬᠤᠵᠤ᠂ ᠠᠵᠢᠯ ᠣᠯᠭᠤᠯᠲᠠ ᠶᠢᠨ ᠪᠠᠶᠢᠳᠠᠯ ᠤᠨ ᠲᠦᠷᠭᠡᠨ | ᠰᠠᠶᠢᠵᠢᠷᠠᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠵᠢᠯ ᠤᠨ ᠠᠵᠢᠯ ᠣᠯᠭᠤᠯᠲᠠ ᠶᠢᠨ ᠬᠠᠷᠠᠯᠲᠠ ᠪᠠᠨ ᠴᠢᠷᠮᠠᠶᠢᠨ ᠪᠡᠶᠡᠯᠡᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠱᠠᠭᠠᠷᠳᠠᠪᠠ᠃ | |