ᠮᠠᠨ ᠤ ᠬᠤᠰᠢᠭᠤ ︽ᠲᠦᠷᠪᠡᠨ ᠰᠠᠶᠢᠨᠳᠠᠢ ᠬᠥᠳᠡᠭᠡ ᠲᠣᠰᠬᠤᠨ ᠤ ᠵᠠᠮ︾  ᠢ ᠰᠠᠶᠢᠲᠤᠷ ᠪᠦᠲᠦᠭᠡᠨ ᠪᠠᠶᠢᠭᠤᠯᠵᠤ ᠪᠠᠶᠢᠭ᠎ᠠ
ᠨᠡᠶᠢᠲᠡᠯᠡᠭᠰᠡᠨ ᠴᠠᠭ᠄
2022/5/27
         ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠠᠮ ᠬᠠᠷᠢᠯᠴᠠᠭ᠎ᠠ᠂ ᠵᠠᠰᠠᠮᠠᠯ ᠵᠠᠮ ᠨᠢ ᠬᠥᠳᠡᠭᠡ ᠲᠣᠰᠬᠤᠨ ᠳᠤ ᠦᠢᠯᠡᠴᠢᠯᠡᠬᠦ᠂  ᠮᠠᠯᠴᠢᠨ‌‍ᠲ᠋ᠠᠷᠢᠶᠠᠴᠢᠳ ᠲᠤ ᠪᠤᠶᠠᠨ ᠦᠢᠯᠡᠳᠬᠦ ᠰᠠᠭᠤᠷᠢ ᠴᠢᠨᠠᠷᠲᠠᠢ ᠤᠯᠠᠨ ᠨᠡᠶᠢᠲᠡ ᠶᠢᠨ ᠲᠥᠬᠦᠭᠡᠷᠦᠮᠵᠢ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠭᠤᠷᠢ ᠮᠥᠨ᠃ ᠮᠠᠨ ᠤ ᠬᠤᠰᠢᠭᠤ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠤᠨ ᠪᠦᠲᠦᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠵᠤ᠂ ︽ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠬᠤ᠂  ᠳᠡᠭᠡᠭᠡᠪᠤᠷᠢᠯᠡᠬᠦ︾ ᠳᠥᠷᠪᠡᠨ ᠰᠠᠶᠢᠨᠲᠠᠢ ᠪᠠᠷᠢᠮᠵᠢᠶ᠎ᠠ ᠶᠢ ᠴᠢᠩᠭ᠎ᠠ ᠠᠳᠬᠤᠵᠣ ᠪᠠᠶᠢᠨ᠎ᠠ᠃ ᠶᠡᠷᠦᠩᠬᠡᠶᠢᠯᠡᠨ ᠲᠥᠯᠥᠪᠵᠢᠭᠦᠯᠵᠦ᠂ ᠨᠠᠷᠢᠨ ᠨᠢᠮᠪᠠᠢ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠨᠢᠭᠲᠠᠷᠠᠭᠤᠯᠵᠤ᠂ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠩᠭ᠎ᠠ ᠬᠦᠴᠦᠲᠡᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠬᠠᠩᠭᠠᠵᠣ ᠪᠠᠶᠢᠨ᠎ᠠ᠃       ᠣᠣ ᠶᠢᠨ ᠭᠤᠣᠯ  ᠰᠤᠮᠤᠨ ᠤ ᠬᠦᠬᠡ ᠭᠠᠴᠠᠭ᠎ᠠ ᠶᠢᠨ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠲᠣᠮᠣ ᠬᠡᠯᠪᠡᠷᠢ ᠶᠢᠨ ᠮᠠᠰᠢᠨ ᠲᠥᠬᠦᠭᠡᠷᠦᠮᠵᠢ ᠨᠢᠵᠢᠭᠢᠨᠡᠵᠦ᠂ ᠠᠵᠢᠯᠴᠢᠨ ᠪᠣᠯᠣᠨ ᠪᠠᠷᠢᠯᠭ᠎ᠠ ᠶᠢᠨ ᠮᠠᠰᠢᠨ ᠲᠡᠷᠭᠡ ᠨᠠᠰᠢ ᠴᠠᠰᠢ ᠰᠦᠯᠵᠢᠯᠳᠦᠵᠦ᠂ ᠬᠦᠷ ᠬᠥᠭᠵᠢᠶᠡᠨ ᠲᠠᠢ ᠪᠠᠶᠢᠯ᠎ᠠ᠃ ᠥᠭᠡᠷᠡᠴᠢᠯᠡᠵᠦ ᠥᠷᠭᠡᠳᠬᠡᠨ ᠪᠠᠶᠢᠭᠤᠯᠬᠤ  ᠠᠴᠠ ᠡᠮᠦᠨ᠎ᠡ᠂ ᠡᠨᠡ ᠬᠦ ᠵᠠᠮ ᠨᠢ ᠰᠢᠪᠠᠷ ᠰᠢᠷᠣᠢ  ᠶᠢᠨ ᠵᠠᠮ ᠪᠠᠶᠢᠵᠤ᠂  ᠢᠪᠴᠤᠤ ᠪᠣᠯᠬᠤᠷ ᠡᠷᠭᠢᠨ ᠲᠣᠭᠤᠷᠢᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ᠪᠠ ᠲᠠᠷᠢᠶᠠᠯᠠᠩ ᠤᠨ ᠪᠦᠲᠦᠭᠡᠭᠳᠡᠬᠦᠨ  ᠢ ᠵᠥᠭᠡᠭᠡᠪᠦᠷᠢᠯᠡᠬᠦ ᠳᠤ ᠨᠡᠯᠢᠶᠡᠳ ᠳᠥᠭᠦᠮ ᠦᠭᠡᠢ ᠪᠠᠶᠢᠪᠠ᠃ ᠨᠢᠳᠤᠨᠤᠨ᠂ ᠮᠠᠨ ᠤ ᠬᠤᠰᠢᠭᠤ ᠲᠣᠰ ᠵᠠᠰᠠᠮᠠᠯ ᠵᠠᠮ ᠢ ᠠᠶᠢᠯ ᠲᠣᠰᠬᠤᠨ ᠳᠤ ᠨᠡᠪᠲᠡᠷᠡᠭᠦᠯᠬᠦ ᠶᠢ ᠬᠡᠷᠡᠭᠵᠢᠭᠦᠯᠬᠦ ᠲᠥᠯᠥᠪᠯᠡᠭᠡ ᠳᠤ ᠵᠢᠭᠰᠠᠭᠠᠨ ᠣᠷᠣᠭᠤᠯᠵᠤ᠂ ᠡᠨᠡ ᠵᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠪᠠᠶᠢᠭᠤᠯᠤᠭᠰᠠᠨ ᠤ ᠳᠠᠷᠠᠭᠠᠬᠢ ᠵᠠᠰᠠᠮᠠᠯ ᠵᠠᠮ ᠤᠨ ᠣᠷᠳᠣ ᠨᠢ 5.2 ᠺᠢᠯᠣᠮᠧᠲᠷ᠂ ᠵᠠᠮ ᠤᠨ ᠥᠷᠭᠡᠨ ᠨᠢ 4.5 ᠮᠧᠲᠷ ᠪᠠᠶᠢᠵᠤ᠂ ᠦᠩᠬᠡᠷᠡᠭᠰᠡᠨ ᠳᠤ ︽ᠲᠤᠩᠭᠠᠯᠠᠭ ᠡᠳᠦᠷ ᠨᠢᠭᠡ ᠪᠡᠶ᠎ᠡ ᠰᠢᠷᠣᠢ᠂ ᠪᠣᠷᠣᠭᠠᠨ ᠲᠠᠢ ᠡᠳᠦᠷ ᠨᠢᠭᠡ ᠪᠡᠶ᠎ᠡ ᠰᠢᠪᠠᠷ︾ ᠪᠠᠶᠢᠭᠰᠠᠨ ᠬᠠᠭᠤᠴᠢᠨ ᠪᠠᠶᠢᠳᠠᠯ ᠢ ᠲᠤᠶᠢᠯᠪᠤᠷᠢᠲᠠᠢ ᠡᠴᠦᠰᠯᠡᠭᠦᠯᠵᠦ᠂ ᠬᠦᠬᠡ ᠭᠠᠴᠠᠭ᠎ᠠ ᠶᠢᠨ ᠠᠵᠤ ᠦᠢᠯᠡᠰ ᠤᠨ ᠬᠥᠭᠵᠢᠯᠲᠡ ᠳᠤ ᠰᠠᠭᠤᠷᠢ ᠶᠢ ᠪᠠᠲᠤᠳᠬᠠᠵᠤ ᠥᠭᠭᠦᠭᠰᠡᠨ ᠪᠠᠶᠢᠨ᠎ᠠ᠃ ᠣᠲᠣ ᠪᠣᠯᠲᠠᠯ᠎ᠠ᠂ ᠲᠣᠰ ᠵᠠᠮ ᠤᠨ ᠭᠠᠳᠠᠷᠭᠤ ᠶᠢᠨ ᠡᠯᠡᠰᠦ ᠬᠠᠶᠢᠷ ᠤᠨ ᠳᠡᠪᠢᠰᠬᠦ ᠳᠠᠪᠬᠤᠷᠭ᠎ᠠ ᠶᠢ ᠨᠢᠭᠡᠨᠲᠡ ᠪᠦᠬᠦᠨ ᠢ ᠳᠠᠭᠤᠰᠬᠠᠵᠤ᠂ ᠶᠠᠭ ᠱᠦᠢᠨᠢ ᠵᠠᠮ ᠤᠨ ᠭᠠᠳᠠᠷᠭᠤ ᠶᠢᠨ ᠪᠠᠷᠢᠯᠭ᠎ᠠ ᠶᠢᠨ ᠠᠵᠢᠯ ᠢ ᠥᠷᠨᠢᠭᠦᠯᠬᠦ ᠪᠠᠷ ᠪᠡᠯᠡᠳᠬᠡᠵᠦ ᠪᠣᠶ᠃        ᠬᠦᠬᠡ ᠭᠠᠴᠠᠭ᠎ᠠ ᠶᠢᠨ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠲᠥᠷᠥᠯ ᠵᠦᠢᠯ ᠪᠣᠯ ᠮᠠᠨ ᠤ ᠬᠤᠰᠢᠭᠤᠨ ᠤ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠰᠠᠮᠠᠯ ᠵᠠᠮ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠭᠰᠠᠨ ᠤ ᠨᠢᠭᠡᠨ ᠬᠤᠷᠢᠶᠠᠩᠭᠤᠢ ᠳᠦᠷᠰᠦ ᠪᠣᠯᠣᠨ᠎ᠠ᠂ ᠡᠨᠡ ᠵᠢᠯ ᠮᠠᠨ ᠤ ᠬᠤᠰᠢᠭᠤ 1.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠮᠠᠯᠵᠢᠬᠤ ᠲᠠᠷᠢᠶᠠᠯᠠᠬᠤ ᠣᠷᠣᠨ ᠤ 9 ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠭᠤᠷᠪᠠᠨ ᠵᠢᠱᠢᠶ᠎ᠡ ᠦᠵᠡᠭᠦᠯᠬᠦ ᠵᠠᠮ ᠢ ᠪᠠᠶᠢᠭᠤᠯᠵᠤ᠂ ᠪᠥᠬᠦ ᠬᠤᠰᠢᠭᠤᠨ ᠤ 13 ᠭᠠᠴᠠᠭ᠎ᠠ ᠲᠣᠰᠬᠤᠨ ᠳᠤ ᠬᠤᠯᠪᠣᠭᠳᠠᠨ᠂ ᠪᠥᠬᠦ ᠣᠷᠳᠣ ᠨᠢ 160 ᠺᠢᠯᠣᠮᠧᠲᠷ ᠣᠷᠴᠢᠮ ᠪᠣᠯᠣᠨ᠎ᠠ᠃ ᠣᠳᠣᠬᠠᠨ ᠳᠤ ᠬᠤᠯᠪᠣᠭᠳᠠᠯ ᠪᠦᠬᠦᠢ ᠵᠦᠢᠯᠡᠰ  ᠢ ᠪᠦᠬᠦᠨ  ᠢᠶᠠᠷ ᠨᠢ ᠡᠬᠢᠯᠡᠭᠦᠯᠵᠦ᠂ 10 ᠰᠠᠷ᠎ᠠ  ᠶᠢᠨ ᠡᠴᠦᠰ ᠠᠴᠠ ᠡᠮᠦᠨ᠎ᠡ ᠳᠠᠭᠤᠰᠬᠠᠬᠤ ᠪᠠᠷ ᠪᠣᠢ᠃       ︽ᠲᠦᠷᠪᠡᠨ ᠰᠠᠶᠢᠨᠳᠠᠢ︾ ᠵᠠᠮ ᠨᠢ ᠠᠯᠢᠪᠠ ᠦᠢᠯᠡᠰ ᠤᠨ ᠬᠥᠭᠵᠢᠯ ᠮᠠᠨᠳᠤᠯ ᠢ ᠬᠥᠲᠥᠯᠥᠨ ᠳᠠᠭᠠᠭᠤᠯᠤᠨ᠎ᠠ᠃ ᠬᠤᠶᠢᠰᠢᠳᠠ᠂ ᠮᠠᠨ ᠤ ᠬᠤᠰᠢᠭᠤ ᠦᠷᠭᠦᠯᠵᠢᠯᠡᠨ ︽ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠬᠤ᠂ ᠲᠡᠭᠡᠭᠡᠪᠦᠷᠢᠯᠡᠬᠦ︾ ᠳᠥᠷᠪᠡᠨ ᠰᠠᠶᠢᠨ ᠪᠠᠷᠢᠮᠵᠢᠶ᠎ᠠ ᠶᠣᠰᠣᠭᠠᠷ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠨᠡᠪᠲᠡᠷᠡᠬᠦ ᠶᠢᠨ ᠭᠦᠨᠴᠡ ᠪᠠ ᠥᠷᠭᠡᠴᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠶᠢᠨ ᠵᠠᠮ᠂ ᠠᠵᠤ ᠦᠢᠯᠡᠰ ᠤᠨ ᠵᠠᠮ᠂ ᠠᠮᠢ ᠠᠬᠤᠢ ᠶᠢᠨ ᠵᠠᠮ᠂ ᠰᠣᠶᠣᠯ ᠤᠨ ᠵᠠᠮ᠂ ᠵᠢᠭᠤᠯᠴᠢᠯᠠᠯ ᠤᠨ ᠵᠠᠮ ᠪᠣᠯᠭᠠᠨ ᠪᠦᠲᠦᠭᠡᠨ ᠪᠠᠶᠢᠭᠤᠯᠵᠤ᠂ ᠵᠠᠮ ᠬᠠᠷᠢᠯᠴᠠᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠨᠠᠩ ᠥᠷᠭᠡᠨ ᠠᠭᠤᠳᠠᠮ ᠰᠠᠶᠢᠨ ᠰᠠᠶᠢᠬᠠᠨ ᠠᠮᠢᠳᠤᠷᠠᠯ ᠤᠨ ᠵᠠᠮ ᠢᠶᠠᠷ ᠵᠠᠮᠨᠠᠭᠤᠯᠤᠨ᠎ᠠ᠃                                                          ᠰᠤᠷᠪᠤᠯᠵᠢᠯᠠᠭᠴᠢ᠄  ᠠᠯᠳ᠋ᠬᠠᠭᠤᠯᠨ   ᠵᠠᠩ ᠶᠠ ᠨᠠᠨ                                                          ᠤᠶᠢᠯᠡᠲᠦᠭᠴᠢ᠄ ᠵᠤᠯᠨ                                                         ᠬᠢᠨᠠᠭᠴᠢ᠄ ᠪᠤᠤ ᠤᠯᠠᠭᠠᠨ
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ