ᠤᠷᠠᠳ ᠤᠨ ᠬᠤᠶᠢᠲᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠶᠢᠨ ︽ᠲᠠᠪᠤᠨ ᠰᠠᠷ᠎ᠠ ᠶᠢᠨ ᠨᠢᠭᠡᠨ︾᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ ᠰᠠᠬᠢᠯᠭ᠎ᠠ ᠪᠠᠲᠤ ᠶᠢ ᠴᠢᠩᠳᠠᠯᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/5/6
        ᠡᠯ᠎ᠡ ᠰᠤᠮᠤ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠠᠯᠪᠠᠨ ᠬᠡᠷ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠯ᠎ᠡ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠳᠤ᠄             ︽ᠲᠠᠪᠤᠨ ᠰᠠᠷ᠎ᠠ ᠶᠢᠨ ᠨᠢᠭᠡᠨ︾᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯᠬᠤ ᠭᠡᠵᠦ ᠪᠠᠶᠢᠭ᠎ᠠ ᠦᠶ᠎ᠡ ᠳᠤ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠬᠢᠵᠢᠭᠦᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠬᠤ ᠳᠤ ᠰᠢᠨ᠎ᠡ ᠰᠤᠷᠲᠠᠯ ᠢ ᠪᠤᠢ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠠᠷᠢᠭᠤᠨ ᠴᠢᠬᠡᠴᠢ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠡᠳᠦᠭᠡ ᠬᠤᠯᠪᠣᠭᠳᠠᠯ ᠪᠥᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄            ᠨᠢᠭᠡ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠶᠢ ᠪᠠᠷᠢᠮᠲᠠᠯᠠᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ  ᠦᠢᠯᠡᠳᠤᠯᠬᠡᠵᠢᠬᠦᠯᠤᠨ᠂ ᠤᠯᠤᠰ ᠲᠥᠷᠥ ᠶᠢᠨ ᠪᠠᠲᠤ ᠬᠦᠴᠦᠨ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠮᠠᠭᠤ ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠪᠡᠶ᠎ᠡ ᠪᠠᠷ ᠢᠶᠠᠨ ᠦᠯᠢᠭᠡᠷ ᠵᠢᠱᠢᠶ᠎ᠡ ᠦᠵᠡᠭᠦᠯᠵᠦ᠂ ᠪᠡᠶ᠎ᠡ ᠪᠠᠷ ᠢᠶᠠᠨ ᠦᠯᠢᠭᠡᠷ ᠵᠢᠱᠢᠶ᠎ᠡ ᠦᠵᠡᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠲᠦᠷᠦᠭᠦᠯᠡᠨ ᠠᠷᠢᠭᠤᠨ ᠴᠢᠬᠡᠴᠢ ᠶᠢ ᠡᠷᠬᠢᠮᠯᠡᠨ ᠢᠯᠵᠠᠷᠠᠯ ᠢ ᠡᠰᠡᠷᠭᠦᠴᠡᠵᠦ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ᠂ ᠵᠠᠷᠯᠢᠭ ᠴᠠᠭᠠᠵᠠ ᠶᠢ ᠲᠠᠭᠠᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠶ᠃ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠠᠬᠢ ᠬᠥᠮᠦᠰ ᠤᠨ ᠰᠢᠯᠵᠢᠯᠲᠡ ᠪᠠ ᠴᠤᠭᠯᠠᠷᠠᠯ ᠤᠨ ᠨᠡᠮᠡᠭᠳᠡᠯ ᠠᠴᠠ ᠪᠣᠯᠤᠭᠰᠠᠨ ᠬᠢᠵᠢᠭ ᠤᠨ ᠪᠠᠶᠢᠳᠠᠯ ᠤᠨ ᠲᠠᠷᠬᠠᠭᠠᠯᠲᠠ ᠶᠢᠨ ᠲᠦᠭᠰᠢᠭᠦᠷᠢ ᠶᠢ ᠰᠡᠷᠭᠡᠭ ᠢᠶᠠᠷ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ᠂ ᠭᠤᠷᠢᠳᠠᠬᠤ ᠰᠡᠳᠬᠢᠴᠡ᠂ ᠰᠤᠯᠠᠷᠠᠬᠤ ᠰᠡᠳᠬᠢᠴᠡ ᠶᠢ ᠡᠷᠡᠰ ᠲᠡᠪᠴᠢᠵᠦ᠂ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠠᠵᠢᠯ ᠢ ᠡᠬᠢᠯᠡᠩᠭᠦᠳᠡ ᠪᠠᠨ ᠬᠢᠴᠢᠶᠡᠨ ᠰᠠᠶᠢᠲᠤᠷ ᠬᠢᠬᠦ ᠬᠡᠷᠡᠭᠲᠡᠢ᠃            ᠬᠤᠶᠠᠷ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠯᠠᠪᠳᠠᠭᠤᠨ ᠪᠠᠲᠤᠲᠠᠶ ᠠᠳᠬᠤᠵᠤ᠂ ᠪᠣᠳᠠᠲᠠᠶᠢᠵᠢᠭᠤᠯᠤᠨ᠂ ᠲᠥᠪ ᠬᠤᠷᠢᠶᠠᠨ ᠤ  ᠨᠡᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠢᠮᠠᠭᠲᠠ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ︽ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠥᠴᠦᠬᠡᠨ ᠴᠦ ᠰᠤᠯᠠᠷᠠᠭᠤᠯᠤᠯ ᠥᠬᠡᠶ ᠪᠠᠷ ᠰᠠᠶᠢᠲᠤᠷ ᠬᠢᠵᠦ᠂ ᠦᠷᠭᠦᠯᠵᠢᠯᠡᠨ ᠬᠦᠴᠦᠯᠡᠵᠦ᠂ ︽ᠳᠥᠷᠪᠡᠨ ᠰᠤᠷᠲᠠᠯ︾ ᠤᠨ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠨᠥᠬᠦᠳ ︽ᠨᠢᠭᠡᠳᠦᠭᠡᠷ ᠬᠠᠷᠢᠭᠤᠴᠠᠯᠭᠠᠲᠠᠨ︾ ᠤ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠠᠪᠤᠨ ᠰᠠᠷ᠎ᠠ ᠶᠢᠨ ᠨᠢᠭᠡᠨ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠠᠵᠢᠯ ᠢ ᠦᠨᠡᠨᠬᠦ ᠰᠠᠶᠢᠨ ᠠᠳᠬᠤᠬᠤ ᠶᠠᠪᠤᠳᠠᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠡᠷᠲᠡᠬᠡᠨ ᠪᠠᠶᠢᠷᠢᠯᠠᠭᠤᠯᠤᠨ ᠲᠣᠬᠢᠷᠠᠭᠤᠯᠵᠤ᠂ ᠪᠣᠳᠠᠲᠠᠶ ᠠᠷᠭ᠎ᠠ ᠬᠡᠮᠵᠢᠶ᠎ᠡ ᠠᠪᠴᠤ᠂ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠲᠣᠳᠣᠷᠬᠠᠶ ᠲᠣᠭᠲᠠᠭᠠᠵᠤ᠂ ᠺᠠᠳ᠋ᠷᠴᠤᠳ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠦᠵᠡᠯ ᠰᠠᠨᠠᠭ᠎ᠠ ᠶᠢ ᠨᠢᠭᠡᠳᠦᠯᠲᠡᠶ ᠪᠠᠶᠢᠯᠭᠠᠬᠤ᠂ ᠳᠠᠷᠤᠯᠲᠠ ᠶᠢ ᠪᠣᠳᠠᠲᠠᠶ ᠳᠠᠮᠵᠢᠭᠤᠯᠬᠤ᠂ ᠬᠠᠷᠢᠭᠤᠴᠠᠯᠭ᠎ᠠ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠲᠥᠪ ᠬᠤᠷᠢᠶᠠᠨ ᠤ ᠨᠡᠢᠮᠠᠨ  ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠶ᠃            ᠭᠤᠷᠪᠠ᠂ ᠰᠠᠬᠢᠯᠭ᠎ᠠ ᠪᠠᠲᠤ ᠶᠢ  ᠪᠠᠷᠢᠮᠳᠠᠯᠠᠵᠤ ᠬᠢᠨᠠᠯᠲᠠ ᠲᠠᠯᠪᠢᠬᠤ ᠶᠢ ᠴᠢᠩᠳᠠᠯᠠᠪᠠ᠃ ᠪᠥᠬᠦ ᠬᠤᠰᠢᠭᠤᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨ ︽ᠬᠢᠨᠠᠯᠲᠠ  ᠲᠠᠯᠪᠢᠵᠤ ᠳᠠᠬᠢᠨ ᠬᠢᠨᠠᠯᠲᠠ ᠲᠠᠯᠪᠢᠬᠤ︾ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠲᠣᠭᠲᠠᠯ ᠬᠦᠴᠦᠨ ᠢᠶᠠᠨ ᠪᠠᠲᠤᠯᠠᠵᠤ᠂ ᠥᠴᠦᠬᠡᠨ ᠴᠦ ᠨᠠᠶᠢᠷ ᠲᠠᠯᠪᠢᠬᠤ ᠥᠬᠡᠶ ᠪᠠᠶᠢᠵᠤ᠂ ᠲᠣᠭᠲᠠᠭᠠᠯ ᠠᠴᠠ ᠵᠥᠷᠢᠴᠡᠨ ᠨᠡᠮᠡᠭᠦᠷᠢ᠂ ᠨᠥᠬᠦᠪᠥᠷᠢ ᠪᠠ ᠠᠰᠠᠷᠠᠮᠵᠢ ᠣᠯᠭᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ︔ ᠠᠯᠪᠠᠨ ᠤ ᠲᠡᠷᠭᠡ ᠶᠢ ᠬᠤᠪᠢᠨ ᠳᠠᠭᠠᠨ ᠬᠡᠷᠡᠭᠯᠡᠬᠦ᠂ ᠬᠤᠪᠢ ᠶᠢᠨ ᠲᠡᠷᠭᠡ ᠶᠢ ᠠᠯᠪᠠᠨ  ᠠᠴᠠ ᠠᠷᠠᠴᠢᠯᠠᠬᠤ᠂ ᠲᠣᠭᠲᠠᠭᠠᠯ ᠢ ᠵᠥᠷᠢᠴᠡᠨ ᠲᠡᠷᠭᠡ ᠵᠢᠭᠡᠯᠡᠬᠦ᠂ ᠲᠡᠷᠭᠡ ᠲᠦᠷᠢᠶᠡᠰᠦᠯᠡᠬᠦ ᠶᠢ ᠴᠢᠩᠭ᠎ᠠ ᠴᠠᠭᠠᠵᠠᠯᠠᠨ᠎ᠠ︔ ᠠᠯᠪᠠᠨ ᠤ ᠵᠣᠭᠤᠰ ᠢᠶᠠᠷ ᠽᠦᠩᠽᠢ᠂ ᠠᠷᠢᠬᠢ ᠲᠠᠮᠠᠬᠢ ᠵᠢᠴᠢ ᠨᠤᠲᠤᠭ ᠤᠨ ᠣᠨᠴᠠ ᠭᠠᠷᠤᠯᠲᠠ ᠵᠡᠷᠭᠡ ᠪᠠᠶᠠᠷ ᠤᠨ ᠡᠳᠦᠷ ᠤᠨ ᠪᠡᠯᠡᠭ ᠬᠤᠳᠠᠯᠳᠤᠨ ᠠᠪᠴᠤ ᠬᠦᠷᠭᠡᠬᠦ ᠶᠢ ᠴᠢᠩᠭ᠎ᠠ ᠴᠠᠭᠠᠵᠠᠯᠠᠨ᠎ᠠ︔ ᠲᠣᠭᠲᠠᠭᠠᠯ ᠠᠴᠠ ᠵᠥᠷᠢᠴᠡᠨ ᠪᠡᠯᠡᠭ ᠤᠨ ᠡᠳ᠋ ᠪᠡᠯᠡᠭ ᠤᠨ ᠮᠥᠩᠭᠦ᠂ ᠪᠠᠷᠠᠭ᠎ᠠ ᠬᠤᠳᠠᠯᠳᠤᠨ ᠠᠪᠬᠤ ᠺᠠᠷᠲ᠂ ᠡᠯᠧᠺᠲᠷᠣᠨ ᠪᠡᠯᠡᠭ ᠵᠡᠷᠭᠡ ᠶᠢ ᠭᠥᠯᠢᠶᠡᠨ ᠠᠪᠴᠤ ᠬᠦᠷᠭᠡᠬᠦ ᠶᠢ ᠴᠢᠩᠭ᠎ᠠ ᠴᠠᠭᠠᠵᠠᠯᠠᠨ᠎ᠠ︔ ᠲᠣᠭᠲᠠᠭᠠᠯ ᠢ ᠵᠥᠷᠢᠴᠡᠨ ᠬᠤᠷᠢᠮ ᠪᠡᠯᠪᠡᠰᠦᠷᠡᠯ ᠤᠨ ᠶᠠᠪᠤᠳᠠᠯ ᠢ ᠬᠢᠵᠦ᠂ ᠵᠠᠪᠰᠢᠶᠠᠨ ᠢ ᠳᠠᠯᠢᠮᠳᠠᠭᠤᠯᠤᠨ ᠡᠳ᠋ ᠠᠰᠢᠭ ᠤᠯᠬᠤ ᠶᠢ ᠴᠢᠩᠭ᠎ᠠ ᠴᠠᠭᠠᠵᠠᠯᠠᠨ᠎ᠠ︔ ᠠᠯᠪᠠᠨ ᠤ ᠵᠣᠭᠤᠰ ᠢᠶᠠᠷ ᠪᠤᠶᠤ ᠬᠠᠷᠢᠶ᠎ᠠ ᠨᠢᠭᠡᠴᠡ ᠵᠢᠴᠢ ᠬᠠᠮᠢᠶᠠᠷᠴᠤ  ᠦᠢᠯᠡᠴᠢᠯᠡᠬᠦ ᠡᠲᠡᠭᠡᠳ ᠢᠶᠠᠨ ᠵᠢᠭᠠᠨ ᠳᠣᠬᠢᠵᠤ ᠪᠠᠶᠢᠭᠠᠳ ᠬᠠᠪᠤᠷ ᠤᠨ ᠵᠤᠭᠠᠴᠠᠯ ᠢᠶᠠᠷ ᠵᠤᠭᠠᠴᠠᠬᠤ᠂ ᠬᠠᠷᠢᠯᠴᠠᠨ ᠳᠠᠶᠢᠯᠠᠬᠤ ᠪᠠ ᠲᠣᠭᠲᠠᠭᠠᠯ ᠠᠴᠠ ᠵᠥᠷᠢᠴᠡᠨ ᠬᠡᠷᠡᠭᠯᠡᠭᠡᠨ ᠤ ᠵᠤᠭ᠎ᠠ ᠴᠡᠩᠭᠡᠯ ᠪᠡᠶ᠎ᠡ ᠴᠢᠭᠢᠷᠠᠭᠵᠢᠭᠤᠯᠬᠤ ᠵᠡᠷᠭᠡ ᠠᠵᠢᠯᠯᠠᠭ᠎ᠠ ᠳᠤ ᠣᠷᠣᠯᠴᠠᠭᠤᠯᠬᠤ ᠶᠢ ᠴᠢᠩᠭ᠎ᠠ ᠴᠠᠭᠠᠵᠠᠯᠠᠨ᠎ᠠ︔ ᠪᠠᠶᠠᠷ ᠤᠨ ᠡᠳᠦᠷ ᠤᠨ ᠵᠠᠪᠰᠢᠶᠠᠨ ᠢ ᠠᠰᠢᠭᠯᠠᠨ ᠺᠠᠳ᠋ᠷ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠵᠤ ᠠᠯᠪᠠᠨ ᠤ ᠵᠣᠭᠤᠰ ᠢᠶᠠᠷ ᠢᠳᠡᠵᠦ ᠤᠤᠭᠤᠬᠤ ᠶᠢ ᠴᠢᠩᠭ᠎ᠠ ᠴᠠᠭᠠᠵᠠᠯᠠᠨ᠎ᠠ︔ ᠵᠥᠪᠰᠢᠶᠡᠷᠡᠯ ᠥᠬᠡᠶ ᠪᠠᠷ ᠡᠯ᠎ᠡ ᠲᠥᠷᠥᠯ ᠤᠨ ᠪᠠᠶᠠᠷ ᠤᠨ ᠡᠳᠦᠷ ᠤᠨ ᠪᠠᠶᠠᠷ ᠤᠨ ᠶᠣᠰᠣᠯᠠᠯ᠂ ᠪᠡᠯᠭᠡᠯᠡᠬᠦ ᠠᠵᠢᠯᠯᠠᠭ᠎ᠠ ᠡᠷᠭᠢᠯᠡᠬᠦ ᠶᠢ ᠴᠢᠩᠭ᠎ᠠ ᠴᠠᠭᠠᠵᠠᠯᠠᠨ᠎ᠠ︔ ᠡᠯ᠎ᠡ ᠵᠦᠢᠯ ᠤᠨ ᠬᠡᠯᠪᠡᠷᠢ ᠶᠢᠨ ︽ᠱᠠᠯᠢᠭ ᠵᠠᠪᠬᠠᠶ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠵᠤ ᠲᠡᠭᠦᠨ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ︔ ᠠᠷᠢᠬᠢ ᠤᠤᠭᠤᠵᠤ ᠬᠡᠷᠡᠭ ᠡᠳᠦᠬᠦ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ ᠶᠢ ᠴᠢᠩᠭ᠎ᠠ ᠴᠠᠭᠠᠵᠠᠯᠠᠨ᠎ᠠ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠠᠢ ᠤᠶᠠᠯᠳᠤᠭᠤᠯᠤᠨ᠂ ᠸᠠᠺᠼᠢᠨ ᠤ ᠲᠠᠷᠢᠯᠭ᠎ᠠ ᠶᠢᠨ ᠠᠬᠢᠴᠠ ᠵᠢᠴᠢ ᠲᠠᠷᠢᠯᠭ᠎ᠠ ᠬᠢᠭᠰᠡᠨ ᠥᠬᠡᠶ ᠬᠥᠮᠦᠰ ᠤᠨ ᠪᠠᠶᠢᠳᠠᠯ ᠢ ᠣᠶᠢᠯᠠᠭᠠᠭᠰᠠᠨ ᠪᠠᠶᠢᠳᠠᠯ᠂ ᠡᠷᠡᠭᠦᠯ ᠮᠡᠨᠳᠦ ᠶᠢᠨ ᠡᠷᠳᠡᠨᠢ ᠶᠢᠨ ᠰᠠᠩ  ᠤᠨ  ᠬᠡᠷᠡᠭᠯᠠᠯᠳᠠ ᠵᠢᠴᠢ ᠺᠣᠳ᠋ ᠰᠢᠷᠪᠢᠬᠦ ᠶᠢ ᠬᠡᠷᠡᠭᠵᠢᠭᠦᠯᠦᠭᠰᠡᠨ ᠪᠠᠶᠢᠳᠠᠯ᠂ ᠰᠤᠷᠭᠠᠭᠤᠯᠢ᠂ ᠠᠵᠤ ᠠᠬᠤᠶᠢᠯᠠᠯ᠂ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ᠂ ᠰᠢᠤᠳᠠᠨ ᠤ  ᠵᠦᠢᠯ ᠲᠦᠷᠭᠡᠨ ᠬᠦᠷᠭᠡᠯᠲᠡ᠂ ᠵᠠᠮ ᠬᠠᠷᠢᠯᠴᠠᠭᠠᠨ ᠤ ᠪᠣᠭᠤᠮᠲᠠ᠂ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠵᠡᠷᠭᠡ ᠠᠵᠢᠯ ᠤᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠠᠪᠤᠷᠢ ᠠᠪᠬᠤ ᠮᠡᠳᠡᠭᠦᠯᠦᠯᠲᠡ ᠶᠢ  ᠬᠦᠢᠴᠡᠳᠬᠡᠬᠦ ᠥᠬᠡᠶ ᠪᠠᠷ  ᠪᠠᠶᠠᠨᠨᠠᠭᠤᠷ ᠬᠤᠲᠠ  ᠠᠴᠠ ᠳᠤᠷ᠎ᠠ ᠪᠠᠷ ᠢᠶᠠᠨ ᠰᠠᠯᠬᠤ ᠶᠢ ᠴᠢᠩᠭ᠎ᠠ ᠴᠠᠭᠠᠵᠠᠯᠠᠨ᠎ᠠ︔ ᠪᠠᠶᠢᠩᠭᠤᠵᠢᠬᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ   ᠡᠯ᠎ᠡ ᠵᠦᠢᠯ ᠤᠨ ᠲᠣᠭᠲᠠᠭᠠᠯ ᠢ ᠵᠥᠷᠢᠴᠡᠬᠦ ᠶᠢ ᠴᠢᠩᠭ᠎ᠠ ᠴᠠᠭᠠᠵᠠᠯᠠᠨ᠎ᠠ︔ ᠵᠢᠵᠢᠭᠦᠷᠯᠡᠨ ᠰᠠᠬᠢᠬᠤ ᠰᠠᠬᠢᠯᠭ᠎ᠠ ᠪᠠᠲᠤ ᠶᠢ ᠵᠥᠷᠢᠴᠡᠵᠦ᠂ ᠲᠤᠰᠢᠶᠠᠯ ᠤᠨ ᠪᠠᠶᠢᠷᠢ ᠠᠴᠠ ᠪᠠᠨ ᠳᠤᠷ᠎ᠠ ᠪᠠᠷ ᠢᠶᠠᠨ ᠰᠠᠯᠵᠤ᠂ ᠠᠵᠢᠯ ᠢ ᠰᠠᠭᠠᠲᠠᠭᠠᠬᠤ ᠪᠠ ᠵᠢᠵᠢᠭᠦᠷᠯᠡᠬᠦ ᠳ᠋ᠢᠶᠠᠩᠬᠤᠸᠠ  ᠨᠠᠪᠳᠠᠷᠠᠬᠦ ᠦᠭᠡᠢ  ᠦᠵᠡᠭᠳᠠᠯ ᠢ ᠴᠢᠩᠭ᠎ᠠ ᠴᠠᠭᠠᠵᠠᠯᠠᠬᠤ ᠬᠡᠷᠡᠭᠲᠡᠶ᠃            ᠳᠥᠷᠪᠡ᠂ ᠢᠯᠡᠴᠢᠯᠡᠨ ᠮᠡᠳᠡᠭᠦᠯᠬᠦ ᠠᠷᠭ᠎ᠠ ᠵᠠᠮ ᠢ  ᠰᠢᠯᠤᠭᠤᠳᠬᠠᠨ᠎ᠠ᠃ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠵᠠᠬᠢᠳᠠᠯ ᠰᠤᠷᠪᠤᠯᠵᠢᠯᠠᠭ᠎ᠠ᠂ ᠰᠦᠯᠵᠢᠶᠡᠨ ᠤ ᠲᠠᠪᠴᠠᠩ ᠵᠡᠷᠭᠡ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠥᠷᠭᠡᠨ ᠣᠯᠠᠨ ᠲᠦᠮᠡᠨ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤ ᠬᠢᠨᠠᠯᠲᠠ ᠲᠠᠯᠪᠢᠬᠤ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠂ ᠭᠠᠵᠠᠷ ᠪᠣᠯᠭᠠᠨ ᠳᠤ ᠬᠢᠨᠠᠯᠲᠠ ᠲᠠᠯᠪᠢᠬᠤ  ᠡᠷᠡᠰ  ᠰᠢᠭᠤᠷᠬᠠᠢ ᠪᠠᠶᠢᠳᠠᠯ ᠪᠠ ᠴᠢᠩᠭ᠎ᠠ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠤᠯᠠᠨ ᠲᠦᠮᠡᠨ ᠤ ᠲᠤᠰᠬᠠᠭᠰᠠᠨ᠂ ᠵᠠᠭᠤᠴᠢᠯᠠᠭᠤᠷ ᠤᠨ ᠠᠩᠬᠠᠷᠤᠯ᠂ ᠬᠢᠨᠠᠯᠲᠠ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ︽ᠲᠦᠷᠪᠡᠨ ᠰᠤᠷᠲᠠᠯ︾ ᠤᠨ ᠠᠰᠠᠭᠤᠳᠠᠯ ᠤᠨ ᠴᠢᠬᠤᠯᠠ ᠰᠦᠪᠡᠭᠴᠢ᠂ ᠴᠢᠬᠤᠯᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠷᠢᠳ ᠢᠶᠠᠷ ᠰᠢᠢᠳᠪᠦᠷᠢᠯᠡᠵᠦ᠂ ᠲᠦᠷᠭᠡᠨ ᠪᠠᠶᠢᠴᠠᠭᠠᠵᠤ ᠲᠦᠷᠭᠡᠨ ᠰᠢᠢᠳᠪᠦᠷᠢᠯᠡᠬᠦ ᠬᠡᠷᠡᠭᠲᠡᠢ᠃ ᠪᠠᠶᠢᠴᠠᠭᠠᠨ  ᠰᠢᠢᠳᠪᠤᠷᠢᠯᠡᠭᠰᠠᠨ ︽ᠳᠥᠷᠪᠡᠨ ᠰᠤᠷᠲᠠᠯ︾ ᠤᠨ ᠠᠰᠠᠭᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠢᠨ ᠰᠣᠩᠭᠤᠵᠤ ᠪᠠᠶᠢᠴᠠᠭᠠᠨ ᠰᠢᠢᠳᠪᠤᠷᠢᠯᠠᠬᠦ ᠶᠢ ᠴᠢᠬᠤᠯᠠᠴᠢᠯᠠᠵᠤ᠂ ᠴᠠᠭ ᠲᠤᠬᠠᠶ ᠳᠤᠨᠢ ᠨᠡᠷ᠎ᠡ ᠣᠪᠣᠭ ᠢ ᠨᠢ ᠳᠤᠷᠠᠳᠴᠤ ᠨᠡᠶᠢᠲᠡᠯᠡᠨ ᠢᠯᠡᠴᠢᠯᠡᠵᠦ᠂ ︽ᠳᠥᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠬᠤ ᠡᠷᠡᠰ ᠴᠢᠩᠭ᠎ᠠ ᠣᠪᠣᠷ ᠢ ᠳᠠᠮᠵᠢᠭᠤᠯᠵᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ᠂ ᠰᠠᠬᠢᠯᠭ᠎ᠠ ᠪᠠᠲᠤ ᠶᠢ ᠵᠥᠷᠢᠴᠡᠪᠡᠯ ᠵᠠᠪᠠᠯ ᠨᠡᠬᠡᠮᠵᠢᠯᠡᠬᠦ ᠴᠢᠩᠭ᠎ᠠ ᠳᠣᠬᠢᠶ᠎ᠠ ᠶᠢ ᠭᠠᠷᠭᠠᠵᠤ᠂ ᠪᠥᠬᠦ ᠬᠤᠰᠢᠭᠤᠨ ᠤ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠦᠷᠭᠦᠯᠵᠢᠯᠡᠨ ᠳᠥᠯᠭᠢᠨ ᠠᠬᠢᠭᠤᠯᠬᠤ ᠬᠡᠷᠡᠭᠲᠡᠶ᠃                         ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠬᠤᠶᠢᠲᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ                                                     2022 ᠣᠨ ᠤ 4 ᠰᠠᠷ᠎ᠠ ᠶᠢᠨ 29  
ᠢᠷᠡᠯᠲᠡ᠄ ᠲᠤᠰ ᠰᠦᠯᠵᠢᠶ᠎ᠠ