| 3 ᠰᠠᠷ᠎ᠠ ᠶᠢᠨ 26 ᠤ ᠡᠳᠤᠷ ᠠᠴᠠ 4 ᠰᠠᠷ᠎ᠠ ᠶᠢᠨ 28 ᠤ ᠡᠳᠦᠷ ᠪᠣᠯᠲᠠᠯ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ︵ᠳᠣᠷᠣᠭᠰᠢ ︽ᠲᠥᠪ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ︾ ᠭᠡᠵᠦ ᠳᠥᠭᠦᠮᠴᠢᠯᠡᠨ᠎ᠡ︶ | ᠠᠴᠠ ᠮᠠᠨ ᠤ ᠣᠷᠣᠨ ᠳᠤ 33 ᠪᠦᠯᠦᠭ ᠤᠨ ᠨᠡᠶᠢᠳᠡ 2825 ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠵᠠᠢ᠃ ᠲᠥᠪ ᠤᠨ ᠱᠠᠯᠠᠪᠳᠠᠭᠤᠯᠤᠨ ᠪᠠᠶᠢᠴᠠᠭᠠᠬᠤ | ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠣᠳᠣᠬᠠᠨ ᠳᠤ᠂ ᠪᠥᠬᠦ ᠣᠷᠣᠨ ᠢᠶᠠᠷ ᠢᠶᠠᠨ ᠭᠤᠴᠢᠨ ᠭᠤᠷᠪᠠᠳᠤᠭᠠᠷ ᠪᠦᠯᠦᠭ ᠤᠨ 30 ᠬᠤᠪᠢ ᠵᠠᠬᠢᠳᠠᠯ | ᠰᠤᠷᠪᠤᠯᠵᠢᠯᠠᠯ ᠤᠨ ᠬᠡᠷᠡᠭ ᠢ ᠪᠠᠶᠢᠴᠠᠭᠠᠨ ᠰᠢᠶ᠋ᠳᠪᠦᠷᠢᠯᠡᠵᠤ ᠪᠤᠢ᠂ ᠡᠭᠦᠨ ᠳᠤ 14 ᠬᠤᠪᠢ ᠶᠢ ᠨᠢ ᠨᠢᠭᠡᠨᠲᠡ ᠰᠢᠶ᠋ᠳᠪᠦᠷᠢᠯᠡᠨ ᠳᠠᠭᠤᠰᠬᠠᠵᠤ᠂ 8 ᠬᠤᠪᠢ ᠶᠢ ᠨᠢ | ᠱᠠᠲᠤᠴᠢ ᠴᠢᠨᠠᠷᠲᠠᠶ ᠪᠠᠷ ᠰᠢᠶ᠋ᠳᠪᠦᠷᠢᠯᠡᠨ ᠳᠠᠭᠤᠰᠬᠠᠵᠤ᠂ 8 ᠬᠤᠪᠢ ᠶᠢ ᠨᠢ ᠬᠠᠷᠠᠬᠠᠨ ᠰᠢᠶ᠋ᠳᠪᠦᠷᠢᠯᠡᠵᠤ ᠪᠠᠷᠠᠭᠠᠳᠤᠢ᠃ 5 ᠰᠠᠷ᠎ᠠ ᠶᠢᠨ 4 ᠤ ᠡᠳᠦᠷ ᠪᠣᠯᠲᠠᠯ᠎ᠠ᠂ | ᠪᠥᠬᠦ ᠣᠷᠣᠨ ᠢᠶᠠᠷ ᠢᠶᠠᠨ 1 — 33 ᠳ᠋ᠤᠭᠠᠷ ᠪᠦᠯᠦᠭ ᠤᠨ 2825 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠪᠠᠶᠢᠴᠠᠭᠠᠨ ᠰᠢᠶ᠋ᠳᠪᠦᠷᠢᠯᠡᠵᠤ ᠪᠤᠢ᠂ | ᠡᠭᠦᠨ ᠳᠤ᠂ 1351 ᠬᠤᠪᠢ ᠶᠢ ᠨᠢ ᠨᠢᠭᠡᠨᠲᠡ ᠰᠢᠶ᠋ᠳᠪᠦᠷᠢᠯᠡᠨ ᠳᠠᠭᠤᠰᠬᠠᠵᠤ᠂ 885 ᠬᠤᠪᠢ ᠶᠢ ᠨᠢ ᠱᠠᠲᠤᠴᠢ ᠴᠢᠨᠠᠷᠲᠠᠶ ᠪᠠᠷ ᠰᠢᠶ᠋ᠳᠪᠦᠷᠢᠯᠡᠨ ᠳᠠᠭᠤᠰᠬᠠᠵᠤ᠂ | 589 ᠬᠤᠪᠢ ᠶᠢ ᠨᠢ ᠬᠠᠷᠠᠬᠠᠨ ᠰᠢᠶ᠋ᠳᠪᠦᠷᠢᠯᠡᠵᠤ ᠪᠠᠷᠠᠭᠠᠳᠤᠢ᠂ 986 ᠬᠤᠪᠢ ᠶᠢ ᠨᠢ ᠵᠠᠷᠯᠢᠭᠳᠡᠨ ᠴᠡᠭᠴᠡᠯᠡᠨ ᠰᠠᠶᠢᠵᠢᠷᠠᠭᠤᠯᠵᠤ᠂ 164 ᠬᠤᠪᠢ ᠶᠢ ᠨᠢ ᠬᠡᠷᠡᠭ | ᠪᠣᠯᠭᠠᠨ ᠳᠡᠩᠰᠡᠯᠡᠨ ᠰᠢᠢᠳᠭᠡᠵᠤ᠂ ᠵᠤᠭᠤᠰ ᠢᠶᠠᠷ ᠲᠤᠷᠭᠠᠭᠰᠠᠨ ᠮᠦᠡᠭᠬᠦᠨ ᠤ ᠲᠤᠭ᠎ᠠ ᠨᠢ 1107.57 ᠲᠦᠮᠡᠨ ᠲᠥᠭᠦᠷᠢᠭ ᠪᠠᠶᠢᠵᠤ᠂ 50 ᠬᠡᠷᠡᠭ ᠢ ᠬᠡᠷᠡᠭ | ᠪᠣᠯᠭᠠᠨ ᠳᠡᠩᠰᠡᠯᠡᠨ ᠲᠠᠩᠨᠠᠨ ᠪᠠᠶᠢᠴᠠᠭᠠᠵᠤ᠂ 15 ᠬᠥᠮᠦᠨ ᠢ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ 80 ᠬᠥᠮᠦᠨ ᠲᠠᠢ ᠪᠣᠯᠵᠣᠨ ᠶᠠᠷᠢᠯᠴᠠᠵᠤ᠂ 78 | ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠪᠡ᠃ | ᠲᠥᠪ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ | ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠦᠬᠦᠢ ᠬᠡᠷᠡᠭ ᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ ᠪᠠᠶᠢᠨ᠎ᠠ | ᠃ |