5 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ | ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ | ᠪᠥᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠤᠷᠤᠭᠰᠢᠲᠠᠢ | ᠬᠤᠷᠠᠯᠳᠤᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠸᠠᠩ ᡁᠢ ᠴᠢᠶᠠᠩ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠥᠷᠲᠡᠭᠡ᠂ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠬᠦ ᠲᠥᠪ᠂ | ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠥᠪ ᠲᠤ ᠪᠠᠶᠢᠴᠠᠭᠠᠨ ᠰᠤᠳᠤᠯᠤᠯᠲᠠ ᠬᠢᠵᠦ᠂ ᠪᠥᠬᠦ ᠣᠷᠣᠨ ᠤ ᠭᠠᠵᠠᠷ | ᠬᠥᠳᠡᠯᠦᠯᠲᠡ ᠶᠢᠨ ᠪᠠᠶᠢᠳᠠᠯ ᠪᠠ ᠭᠠᠵᠠᠷ ᠬᠥᠳᠡᠯᠦᠯᠲᠡ ᠶᠢᠨ ᠭᠠᠢ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠵᠠᠰᠠᠬᠤ᠂ ᠭᠠᠵᠠᠷ ᠬᠥᠳᠡᠯᠦᠯᠲᠡ ᠶᠢᠨ ᠣᠷᠣᠨ | ᠪᠦᠰᠡ ᠶᠢ ᠦᠨᠡᠯᠡᠨ ᠵᠢᠱᠢᠬᠦ᠂ ᠭᠠᠵᠠᠷ ᠬᠥᠳᠡᠯᠦᠯᠲᠡ ᠶᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠭᠠᠵᠠᠷ ᠬᠥᠳᠡᠯᠦᠯᠲᠡ ᠶᠢᠨ | ᠥᠷᠲᠡᠭᠡ ᠶᠢᠨ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠪᠥᠬᠦ ᠣᠷᠣᠨ ᠤ ᠭᠠᠵᠠᠷ | ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠸᠠᠩ ᡁᠢ ᠴᠢᠶᠠᠩ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠵᠠᠷ | ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠪᠠᠴᠢᠮ | ᠲᠤᠯᠭᠠᠮ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠭᠠᠵᠠᠷ | ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠶᠢ ᠦᠨᠡᠨ ᠬᠦ ᠪᠠᠲᠤᠯᠠᠵᠤ᠂ ᠭᠠᠵᠠᠷ | ᠬᠥᠳᠡᠯᠦᠯᠲᠡ ᠶᠢᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ᠂ ᠭᠠᠵᠠᠷ ᠬᠥᠳᠡᠯᠦᠯᠲᠡ ᠶᠢᠨ ᠭᠠᠢ ᠭᠠᠮᠰᠢᠭ ᠤᠨ ᠠᠶᠤᠯ | ᠲᠦᠭᠰᠢᠭᠦᠷᠢ ᠶᠢ ᠰᠡᠷᠭᠡᠶᠢᠯᠡᠨ ᠵᠠᠰᠠᠬᠤ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠᠲᠤᠯᠠᠭ᠎ᠠ ᠶᠢᠨ ︽ᠭᠤᠷᠪᠠᠨ ᠶᠡᠭᠡ | ᠴᠢᠳᠠᠪᠤᠷᠢ︾ ᠶᠢ ᠦᠨᠡᠨ ᠬᠦ ᠳᠡᠭᠡᠭᠰᠢᠯᠡᠭᠦᠯᠦᠨ᠂ ᠭᠠᠵᠠᠷ ᠬᠥᠳᠡᠯᠦᠯᠲᠡ ᠶᠢᠨ ᠭᠠᠢ ᠭᠠᠮᠰᠢᠭ ᠤᠨ ᠠᠶᠤᠯ ᠲᠦᠭᠰᠢᠭᠦᠷᠢ ᠲᠠᠯᠳᠠ ᠭᠡᠮ ᠢ ᠨᠡᠩ ᠣᠨᠣᠪᠴᠢᠲᠠᠶ᠂ ᠨᠡᠩ | ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠬᠤ ᠬᠡᠷᠡᠭᠲᠡᠢ᠃ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠪᠠᠴᠢᠮ | ᠪᠠᠶᠢᠳᠠᠯ ᠢ ᠠᠷᠭᠠᠴᠠᠭᠠᠬᠤ ᠳᠤ ᠬᠤᠯᠪᠤᠭᠠᠯᠠᠨ ᠬᠥᠳᠡᠯᠦᠯᠴᠡᠬᠦ᠂ ᠤᠬᠠᠭᠤᠯᠭ᠎ᠠ ᠬᠥᠮᠦᠵᠢᠯ ᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠭᠠᠵᠠᠷ | ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠡᠢ᠃ |