ᠡᠷᠬᠢᠨ ᠮᠠᠨ ᠤ ᠬᠤᠰᠢᠭᠤᠨ ᠤ ᠠᠭᠤᠯᠠᠨ ᠠᠷᠤ ᠶᠢᠨ ᠰᠢᠨ᠎ᠡ ᠡᠨᠧᠷᠭᠢ ᠵᠢᠴᠢ ᠲᠦᠮᠡᠨ ᠮᠥ  ᠵᠠᠭ ᠤᠨ ᠣᠶ ᠳᠤ ᠴᠠᠭᠠᠨ ᠭᠤᠶᠣᠣ ᠳᠠᠷᠢᠬᠤ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/5/9
           5 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ  ᠡᠷᠬᠢᠨ ᠬᠤᠶᠢᠲᠤ ᠠᠭᠤᠯᠠᠨ ᠳᠤ ᠭᠦᠨᠵᠡᠭᠡᠶᠢᠷᠡᠨ ᠰᠢᠨ᠎ᠡ ᠡᠨᠧᠷᠭᠢ ᠵᠢᠴᠢ ᠲᠦᠮᠡᠨ ᠮᠥ  ᠵᠠᠭ ᠤᠨ ᠣᠶ ᠳᠤ ᠴᠠᠭᠠᠨ ᠭᠤᠶᠣᠣ ᠳᠠᠷᠢᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢ ᠴᠢᠩ ᠯᠠᠶ᠂  ᠪᠤᠯᠤᠳ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃            ᠪᠠᠶᠠᠨᠨᠠᠭᠤᠷ ᠤᠨ ᠵᠢᠩ ᠨᠧᠩ ᠴᠡᠪᠡᠷ ᠡᠨᠧᠷᠭᠢ ᠶᠢᠨ ᠬᠢᠵᠠᠭᠠᠷᠲᠤ ᠺᠣᠮᠫᠠᠨᠢ᠂ ᠤᠷᠠᠳ ᠤᠨ ᠬᠤᠶᠢᠲᠤ ᠬᠤᠰᠢᠭᠤᠨ ᠤ ᠬᠤᠩ ᠱᠧᠩ  ᠰᠠᠯᠬᠢᠨ ᠡᠨᠧᠷᠭᠢ ᠶᠢᠨ ᠬᠢᠵᠠᠭᠠᠷᠲᠤ ᠺᠣᠮᠫᠠᠨᠢ᠂  ︵ᠪᠠᠶᠠᠨᠨᠠᠭᠤᠷ︶ ᠤᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠳᠤ᠂  ᠡᠷᠬᠢᠨ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠬᠤᠯᠪᠣᠭᠳᠠᠯ ᠪᠦᠬᠦᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠨᠠᠷᠢᠨ ᠯᠠᠪᠯᠠᠨ ᠠᠰᠠᠭᠤᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃             ᠡᠷᠬᠢᠨ᠂ ᠠᠵᠤ ᠠᠬᠤᠶᠢᠯᠠᠯ ᠤᠨ ᠬᠢᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠠᠷᠢᠯᠭ᠎ᠠ ᠪᠠᠷᠢᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠪᠠᠷᠢᠯᠭ᠎ᠠ ᠶᠢᠨ ᠠᠮᠤᠷ ᠲᠦᠪᠰᠢᠨ ᠪᠣᠯᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠠᠮᠤᠷ ᠲᠦᠪᠰᠢᠨ ᠢᠶᠠᠷ ᠬᠥᠭᠵᠢᠭᠦᠯᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠲᠦᠷᠢᠮ ᠠᠷᠭ᠎ᠠ ᠬᠡᠮᠵᠢᠶ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ ᠠᠩᠬᠠᠷᠴᠤ᠂ ︽ᠬᠤᠣᠰ ᠨᠡᠭᠦᠷᠡᠰᠦᠲᠥ᠋ᠷᠥᠭᠴᠢ︾ ᠶᠢᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠤᠷᠢᠳᠴᠢᠯᠠᠨ ᠲᠥᠯᠥᠪᠵᠢᠭᠦᠯᠦᠨ ᠪᠠᠶᠢᠷᠢᠰᠢᠭᠤᠯᠵᠤ᠂ ᠲᠥᠯᠥᠪᠵᠢᠭᠦᠯᠭᠡ ᠶᠢ ᠴᠢᠨᠠᠷ ᠰᠠᠶᠢᠲᠠᠢ ᠨᠠᠶᠢᠷᠠᠭᠤᠯᠤᠨ ᠵᠣᠬᠢᠶᠠᠵᠤ᠂ ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠶᠢᠨ ᠵᠠᠮ ᠢ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃            ᠡᠷᠬᠢᠨ ᠱᠠᠭᠠᠷᠳᠠᠭᠰᠠᠨ ᠨᠢ᠂ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠬᠠᠮᠢᠶᠠᠷᠤᠯᠲᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠨᠤᠲᠤᠭ ᠪᠡᠯᠴᠢᠭᠡᠷ ᠤᠨ ᠣᠶᠢᠲᠤ ᠭᠠᠵᠠᠷ ᠢ ᠳᠤᠷ᠎ᠠ ᠪᠠᠷ ᠢᠶᠠᠨ ᠲᠠᠲᠠᠪᠤᠷᠢᠯᠠᠨ ᠡᠵᠡᠯᠡᠬᠦ ᠪᠠ ᠡᠯᠡᠰᠦ ᠴᠢᠯᠠᠭᠤᠨ ᠤ ᠮᠠᠲ᠋ᠧᠷᠢᠶᠠᠯ ᠢ ᠬᠤᠯᠠᠭᠠᠶᠢᠯᠠᠨ ᠮᠠᠯᠲᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠠᠩᠬᠠᠷᠴᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ᠂ ᠰᠠᠯᠠᠭ᠎ᠠ ᠮᠥᠴᠢᠷ ᠬᠤᠯᠪᠣᠭᠠᠯᠠᠨ ᠡᠵᠡᠮᠳᠡᠬᠦ᠂ ᠲᠤᠰᠬᠠᠶ ᠮᠡᠷᠭᠡᠵᠢᠯ ᠢᠶᠠᠷ ᠲᠣᠭᠤᠷᠢᠨ ᠡᠵᠡᠮᠳᠡᠬᠦ᠂ ᠠᠮᠤᠷ ᠲᠦᠪᠰᠢᠨ ᠤ ᠪᠠᠶᠢᠴᠠᠭᠠᠨ ᠡᠵᠡᠮᠳᠡᠬᠦ ︽ᠲᠦᠷᠪᠡ ᠶᠢ ᠨᠢᠭᠡ ᠴᠤᠭᠴᠠᠵᠢᠭᠤᠯᠤᠭᠰᠠᠨ︾ ᠰᠡᠷᠭᠡᠶᠢᠯᠡᠨ ᠡᠵᠡᠮᠳᠡᠬᠦ ᠰᠦᠯᠵᠢᠶ᠎ᠡ ᠶᠢ ᠪᠦᠷᠢᠯᠳᠦᠭᠦᠯᠵᠦ᠂ ᠡᠯ᠎ᠡ ᠲᠦᠷᠦᠯ ᠤᠨ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ︽  ᠬᠡᠷᠡᠭ ᠢᠯᠡᠷᠡᠬᠦ ᠠᠴᠠ ᠡᠮᠦᠨ᠎ᠡ᠂ ᠴᠤᠬᠤᠶᠢᠬᠤ ᠠᠴᠠ ᠨᠢ  ᠰᠢᠢᠳᠪᠤᠷᠢᠯᠠᠬᠦ︾ ᠶᠢ ᠡᠷᠡᠰ ᠪᠡᠶᠡᠯᠡᠭᠦᠯᠵᠦ᠂ ︽ᠥᠴᠦᠬᠡᠨ ᠴᠦ ᠠᠭᠤᠴᠢᠯᠠᠬᠤ ᠦᠭᠡᠢ︾ ᠰᠦᠷ ᠬᠦᠴᠦᠲᠦ ᠪᠠᠶᠢᠳᠠᠯ ᠢᠶᠠᠷ ᠮᠠᠨ ᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠦᠨᠡᠨᠬᠦ ᠬᠠᠮᠠᠭᠠᠯᠠᠨ᠎ᠠ᠃  ᠴᠤᠬᠠᠦ᠋ᠨᠳᠤᠷ ᠪᠠᠯᠭᠠᠰᠤᠨ ᠤ ᠪᠠᠶᠠᠨᠨᠠᠭᠤᠷ ᠭᠠᠴᠠᠭ᠎ᠠ ᠪᠣᠯᠤᠨ  ᠪᠠᠶᠠᠨᠴᠢᠨᠳᠠᠮᠤᠨᠢ ᠰᠤᠮᠤᠨ ᠤ ᠪᠠᠶᠠᠨᠴᠠᠭᠠᠨ ᠭᠠᠴᠠᠭ᠎ᠠ ᠶᠢᠨ ᠲᠦᠮᠡᠨ ᠮᠦ ᠣᠷᠬᠢᠴᠠ ᠤᠢ ᠳᠤ ᠴᠠᠭᠠᠨ ᠭᠤᠶᠣᠣ ᠲᠠᠷᠢᠬᠤ ᠰᠠᠭᠤᠷᠢᠨ ᠤ ᠲᠤᠬᠠᠢ ᠶᠢᠨ ᠲᠠᠯᠠᠪᠠᠢ ᠳᠤ᠂  ᠡᠷᠬᠢᠨ ᠲᠠᠷᠢᠮᠠᠯ ᠤᠨ ᠮᠡᠷᠭᠡᠵᠢᠯ ᠪᠣᠯᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃            ᠡᠷᠬᠢᠨ ᠵᠢᠭᠠᠵᠤ ᠭᠠᠷᠭᠠᠭᠰᠠᠨ ᠨᠢ᠂ ᠡᠯᠡᠰᠦᠨ ᠴᠥᠯ ᠳᠤ  ᠵᠠᠭ ᠤᠨ ᠮᠣᠳᠣ ᠳᠠᠷᠢᠵᠤ᠂ ᠴᠠᠭᠠᠨ ᠭᠤᠶᠣᠣ ᠳᠠᠷᠢᠬᠤ ᠪᠣᠯ ᠠᠭᠤᠯᠠᠨ ᠠᠷᠤ ᠶᠢᠨ ᠰᠤᠮᠤ ᠪᠠᠯᠭᠠᠰᠤᠨ ᠤ ᠥᠪᠡᠷᠮᠢᠴᠡ ᠣᠨᠴᠠᠯᠢᠭ ᠲᠠᠢ ︽ᠡᠯᠡᠰᠦᠨ ᠤ ᠠᠵᠤ  ᠦᠢᠯᠡᠰ︾ ᠮᠥᠨ᠂ ᠡᠶᠢᠮᠦ ᠠᠴᠠ ᠡᠯᠡᠰᠦᠨ ᠴᠥᠯ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ᠂ ᠨᠡᠭᠦᠳᠡᠯ ᠡᠯᠡᠰᠦ ᠶᠢ ᠲᠣᠭᠲᠠᠪᠤᠷᠢᠵᠢᠭᠤᠯᠤᠨ᠂ ᠬᠥᠷᠥᠰᠥ ᠰᠢᠷᠣᠶ ᠶᠢ ᠰᠠᠶᠢᠵᠢᠷᠠᠭᠤᠯᠵᠤ᠂ ᠰᠠᠶᠢᠨ ᠰᠠᠶᠢᠬᠠᠨ ᠠᠮᠢ ᠠᠬᠤᠶ ᠶᠢᠨ ᠦᠷ᠎ᠡ ᠠᠰᠢᠭ ᠢ ᠪᠣᠶ ᠪᠣᠯᠭᠠᠬᠤ ᠪᠠᠷ ᠪᠠᠷᠠᠬᠤ ᠥᠬᠡᠶ ᠪᠠᠰᠠ ᠪᠠᠶᠠᠵᠢᠬᠤ ᠰᠢᠨ᠎ᠡ ᠵᠠᠮ ᠢ ᠨᠡᠭᠡᠭᠡᠵᠦ᠂ ᠮᠠᠯᠴᠢᠨ ᠲᠠᠷᠢᠶᠠᠴᠢᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ ᠪᠣᠯᠤᠨ᠎ᠠ᠃           ᠡᠷᠬᠢᠨ ᠱᠠᠭᠠᠷᠳᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠮᠡᠷᠭᠡᠵᠢᠯ ᠤᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠ ᠠᠷᠭ᠎ᠠ ᠬᠢᠳᠡᠯ ᠢᠶᠠᠷ ᠢᠳᠡᠪᠬᠢᠲᠡᠶ ᠲᠣᠯᠢ ᠪᠣᠯᠭᠠᠵᠤ᠂  ᠦᠢᠯᠡᠳᠬᠦᠨ ᠤ ᠭᠠᠷᠤᠯᠲᠠ ᠪᠠ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠠᠮᠢ ᠠᠬᠤᠶ ᠶᠢᠨ ᠤᠨᠴᠠᠯᠢᠭᠳᠤ ᠠᠵᠤ ᠦᠢᠯᠡᠰ ᠤᠨ ᠬᠥᠭᠵᠢᠯᠲᠡ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠬᠤ ᠬᠡᠷᠡᠭᠲᠡᠶ᠃ ᠰᠤᠮᠤ ᠪᠠᠯᠭᠠᠰᠤ ᠨᠢ  ᠦᠢᠯᠡᠳᠪᠤᠷᠢᠯᠠᠬᠦ᠂ ᠰᠢᠨᠵᠢᠯᠡᠬᠦ ᠤᠬᠠᠭᠠᠨ᠂ ᠰᠤᠳᠤᠯᠭᠠᠨ ᠢ ᠬᠠᠷᠢᠯᠴᠠᠨ ᠤᠶᠠᠯᠳᠤᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠴᠠᠭᠠᠨ ᠭᠤᠶᠣᠣ ᠡᠳ᠋ᠰᠢᠭᠦᠯᠦᠨ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠮᠠᠯᠵᠢᠬᠤ ᠣᠷᠣᠨ ᠤ ᠣᠯᠠᠨ ᠲᠦᠮᠡᠨ ᠤ ᠪᠠᠶᠠᠵᠢᠬᠤ ᠠᠯᠬᠤᠴᠠ ᠶᠢ ᠲᠦᠷᠭᠡᠳᠬᠡᠵᠦ᠂ ᠠᠮᠢ ᠠᠬᠤᠶ ᠪᠠᠷ ᠠᠷᠠᠳ ᠢ ᠬᠠᠷᠠᠭᠠᠯᠵᠠᠯᠠᠨ ᠠᠰᠢᠭ ᠬᠦᠷᠲᠡᠭᠡᠬᠦ ᠶᠢ ᠪᠠᠷᠢᠮᠲᠠᠯᠠᠬᠤ ᠬᠡᠷᠡᠭᠲᠡᠶ᠃
ᠢᠷᠡᠯᠲᠡ᠄ ᠲᠤᠰ ᠰᠦᠯᠵᠢᠶ᠎ᠠ