2022 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾  ᠡᠬᠢᠯᠡᠭᠰᠡᠨ
ᠨᠡᠶᠢᠲᠡᠯᠡᠭᠰᠡᠨ ᠴᠠᠭ᠄
2022/5/9
        5 ᠰᠠᠷ᠎ᠠ ᠶᠢᠨ 7 ᠤ ᠡᠳᠦᠷ᠂ ︽ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠭᠦᠨᠵᠡᠭᠡᠶ ᠤᠬᠠᠭᠤᠯᠤᠨ ᠲᠤᠤᠱᠯᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠪᠠᠷ ᠭᠤᠤᠯ ᠰᠡᠳᠦᠪ ᠪᠣᠯᠭᠠᠭᠰᠠᠨ 2022 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠪᠠᠶᠠᠨᠪᠤᠯᠠᠭ ᠪᠠᠯᠭᠠᠰᠤᠨ ᠤ ᠰᠠᠶᠢᠱᠠᠩ ᠰᠢᠨ᠎ᠡ ᠲᠣᠰᠬᠤᠨ ᠳᠤ ᠶᠠᠪᠤᠭᠳᠠᠪᠠ᠃         ᠬᠤᠰᠢᠭᠤᠨ ᠤ ᠤᠳᠤᠷᠢᠳᠤᠯᠭ᠎ᠠ ᠨᠠᠷᠠᠰᠤ᠂ ᠬᠤᠤ ᠶᠣᠣ  ᠹᠧᠨ᠂  ᠵᠤᠤ ᠪᠠᠭᠠᠲᠤᠷ᠂  ᠳᠡᠭᠲᠡᠭᠡ᠂ ᠴᠧᠨ ᠪᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ         ᠵᠣᠣ ᠪᠠᠭᠠᠲᠤᠷ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠬᠦ ᠪᠣᠯ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠦᠴᠦᠲᠡᠶ ᠭᠠᠷᠳᠠᠴᠠ ᠮᠥᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠳᠠᠶᠢᠴᠢᠯᠠᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠴᠢᠬᠤᠯᠠ ᠠᠷᠭ᠎ᠠ ᠬᠡᠮᠵᠢᠶ᠎ᠡ ᠮᠥᠨ  ᠭᠡᠵᠡᠢ᠃         ᠣᠶᠢᠷ᠎ᠠ ᠶᠢᠨ ᠵᠢᠯ ᠤᠳ ᠲᠤ᠂ ᠮᠠᠨ ᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠵᠦ᠂  ᠪᠠᠶᠠᠠᠪᠤᠯᠠᠭ ᠪᠠᠯᠭᠠᠰᠤ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂  ᠨᠠᠷᠬᠠᠦ᠋ᠪᠤᠷ ᠭᠠᠴᠠᠭ᠎ᠠ ᠵᠡᠷᠭᠡ 38 ᠨᠢᠭᠡᠴᠡ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠠᠰ᠂ ᠬᠤᠰᠢᠭᠤᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢᠨ ᠴᠣᠯᠠ ᠶᠢ ᠭᠥᠷᠳᠡᠪᠡ︔ ᠪᠦᠳᠧ᠂ ᠰᠢᠤᠢ ᠵᠢᠩ ᠢᠦᠶ ᠵᠡᠷᠭᠡ 14 ᠬᠤᠪᠢ ᠬᠥᠮᠦᠨ ᠤᠯᠤᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠤ ᠬᠥᠬᠢᠭᠦᠯᠦᠯ ᠢ ᠭᠥᠷᠳᠡᠵᠦ᠂ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠵᠦ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠤᠶᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠪᠡ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠴᠢᠬᠤᠯᠠ ᠨᠢᠭᠡ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠮᠥᠨ᠃ ᠪᠢᠳᠡ ︽ᠬᠤᠶᠠᠷ ᠶᠡᠭᠡ ᠲᠠᠯ᠎ᠠ︾ ᠳᠤ ᠵᠣᠭᠰᠣᠵᠤ᠂ ︽ᠤᠯᠤᠰ ᠤᠨ ᠶᠡᠭᠡ ᠦᠢᠯᠡᠰ︾ ᠢ ᠪᠠᠲᠤ ᠴᠡᠭᠡᠵᠢᠯᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠨᠠᠮ ᠤᠨ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃          ᠲᠣᠰ ᠤᠳᠠᠭᠠᠨ ᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠨᠢ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠨᠢᠭᠡᠴᠡ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠢᠳᠡᠪᠬᠢᠲᠡᠶ ᠳᠠᠶᠢᠴᠢᠯᠠᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠳᠠᠭᠤᠨ ᠢ ᠳᠠᠮᠵᠢᠭᠤᠯᠵᠤ᠂ ᠥᠷᠭᠡᠨ ᠤᠯᠠᠨ ᠲᠦᠮᠡᠨ ᠤ ᠣᠶᠢᠯᠠᠭᠠᠬᠤ ᠨᠤᠷᠮ᠎ᠠ ᠶᠢ ᠦᠨᠡᠨᠬᠦ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ  ᠨᠡᠮᠡᠭᠲᠡᠬᠦᠯᠵᠤ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ ᠴᠢᠳᠠᠯ ᠢᠶᠠᠨ ᠡᠷᠭᠦᠵᠦ᠂ ᠤᠷᠠᠳ ᠤᠨ ᠬᠤᠶᠢᠲᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃                                                                 ᠤᠯᠠᠭᠠᠨ    ᠠᠨᠠᠷ    ᠪᠤᠤ ᠤᠯᠠᠭᠠᠨ   
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ