ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ ᠯᠢ ᠪᠢᠩ ᠷᠦᠩ ᠬᠤᠷᠠᠯ ᠢ ᠡᠷᠬᠢᠯᠡᠭᠰᠡᠨ ᠤ ᠬᠠᠮᠲᠤ ᠶᠠᠷᠢᠶ᠎ᠠ ᠲᠠᠯᠪᠢᠪᠠ
  
2022/6/10
          5 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃         ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ᠂ ᠠᠯᠠᠱᠠ ᠠᠶᠢᠮᠠᠭ ᠠᠴᠠ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠬᠠᠷᠢᠭᠤ ᠮᠡᠳᠡᠭᠦᠯᠵᠦ᠂ ᠬᠠᠮᠢᠶ᠎ᠠ ᠪᠦᠬᠦᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠠᠴᠠ ᠲᠡᠮᠡᠭᠡᠨ ᠰᠦ᠂ ᠲᠡᠮᠡᠭᠡᠨ ᠮᠢᠬ᠎ᠠ᠂ ᠲᠡᠮᠡᠭᠡᠨ ᠤ ᠨᠣᠣᠯᠤᠭᠤᠷ ᠵᠡᠷᠭᠡ ᠠᠵᠤ ᠦᠢᠯᠡᠰ ᠤᠨ ᠬᠥᠭᠵᠢᠯᠲᠡ ᠵᠢᠴᠢ ᠲᠡᠮᠡᠭᠡᠨ ᠤ ᠣᠨᠴᠠᠭᠠᠢ ᠳᠦᠷᠰᠦ ᠰᠦᠷᠦᠭ ᠤᠨ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠳᠠᠯ᠂ ᠪᠦᠲᠦᠭᠡᠭᠳᠡᠬᠦᠨ ᠤ ᠰᠤᠳᠤᠯᠤᠨ ᠨᠡᠭᠡᠭᠡᠯᠲᠡ ᠵᠡᠷᠭᠡ ᠶᠢᠨ ᠲᠤᠬᠠᠢ ᠲᠣᠰ ᠲᠣᠰ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠭᠦᠨᠵᠡᠭᠡᠢ ᠶᠠᠷᠢᠯᠴᠠᠪᠠ᠃         ᠯᠢ ᠪᠢᠩ ᠷᠦᠩ ᠱᠠᠭᠠᠷᠳᠠᠭᠰᠠᠨ ᠨᠢ᠂ ᠠᠮᠢ ᠠᠬᠤᠢ ᠶᠢ ᠤᠷᠢᠳ ᠢᠶᠠᠷ ᠪᠣᠳᠤᠯᠬᠢᠯᠠᠬᠤ᠂ ᠪᠣᠬᠢᠷᠳᠤᠯ ᠦᠭᠡᠢ ᠬᠦᠭᠵᠢᠭᠦᠯᠬᠦ ᠣᠨᠤᠯᠵᠢᠬᠤᠨ ᠢ ᠢᠮᠠᠭᠲᠠ ᠪᠠᠷᠢᠮᠲᠠᠯᠠᠵᠤ᠂ ᠠᠯᠠᠱᠠ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠲᠠᠢ ᠤᠶᠠᠯᠳᠤᠭᠤᠯᠤᠨ᠂ ᠲᠡᠵᠢᠭᠡᠨ ᠦᠷᠡᠵᠢᠭᠦᠯᠬᠦ ᠬᠡᠪᠴᠢᠶ᠎ᠡ ᠪᠠ ᠠᠵᠤ ᠦᠢᠯᠡᠰ ᠤᠨ ᠬᠡᠪᠴᠢᠶᠡᠵᠢᠯ ᠢ ᠵᠦᠢ ᠵᠣᠬᠢᠰᠲᠠᠢ ᠲᠣᠭᠲᠠᠭᠠᠵᠤ᠂ ᠣᠨᠴᠠᠭᠠᠢ ᠳᠦᠷᠰᠦ ᠰᠦᠷᠦᠭ ᠤᠨ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠰᠠᠶᠢᠲᠤᠷ ᠠᠳᠬᠤᠬᠤ ᠶᠢᠨ ᠬᠠᠮᠲᠤ᠂ ᠠᠵᠤ ᠦᠢᠯᠡᠰ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠵᠤ ᠦᠢᠯᠡᠰ ᠤᠨ ᠪᠠᠷᠢᠮᠵᠢᠶᠠᠵᠢᠭᠰᠠᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠲᠥᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠤᠯᠳᠤᠭᠤᠯᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ  ᠳᠤᠮᠳᠠ  ᠮᠠᠯᠴᠢᠨ ᠲᠠᠷᠢᠶᠠᠴᠢᠨ ᠳᠤ ᠨᠠᠩ ᠣᠯᠠᠨ ᠪᠣᠳᠠᠲᠤ ᠠᠰᠢᠭ ᠬᠦᠷᠲᠡᠭᠡᠵᠦ᠂ ᠣᠷᠣᠯᠭ᠎ᠠ ᠶᠢ ᠨᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ ᠭᠡᠵᠡᠢ᠃      
            