| | | ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ 《 〈 | ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠠᠷᠭ᠎ᠠ 〉 | ᠳᠤ ᠵᠠᠰᠠᠪᠤᠷᠢ ᠣᠷᠣᠭᠤᠯᠬᠤ ᠲᠤᠬᠠᠶ ᠰᠣᠶᠣᠯ ᠪᠠ | ᠵᠢᠭᠤᠯᠴᠢᠯᠠᠯ ᠤᠨ ᠶᠠᠮᠤᠨ ᠤ ᠲᠣᠭᠲᠠᠭᠠᠯ 》 ᠢ ᠳᠠᠷᠤᠮᠠᠯᠯᠠᠨ | ᠲᠠᠷᠬᠠᠭᠠᠵᠤ᠂ 《 ᠵᠤᠭ᠎ᠠ ᠴᠡᠩᠭᠡᠯ ᠤᠨ ᠭᠠᠵᠠᠷ ᠤᠨ | ᠬᠠᠮᠢᠶᠠᠷᠤᠯᠲᠠ ᠶᠢᠨ ᠠᠷᠭ᠎ᠠ 》 ( ᠳᠣᠷᠣᠭᠰᠢ 《 ᠠᠷᠭ᠎ᠠ 》 ᠭᠡᠵᠦ | ᠲᠣᠪᠴᠢᠯᠠᠨ᠎ᠠ ) ᠶᠢᠨ ᠬᠡᠰᠡᠭ ᠵᠦᠶᠯ ᠵᠤᠷᠪᠤᠰ ᠲᠤ ᠵᠠᠰᠠᠪᠤᠷᠢ | ᠣᠷᠣᠭᠤᠯᠪᠠ ᠃ | ᠨᠢᠭᠡ᠂ 《 ᠠᠷᠭ᠎ᠠ 》 ᠳᠤ ᠵᠠᠰᠠᠪᠤᠷᠢ ᠣᠷᠣᠭᠤᠯᠤᠭᠰᠠᠨ ᠠᠬᠤᠶ | ᠪᠠᠶᠢᠳᠠᠯ ᠨᠢ ᠶᠠᠭᠤ ᠪᠣᠶ︖ | ᠣᠲᠣ ᠶᠢᠨ ᠬᠡᠷᠡᠭᠵᠢᠭᠦᠯᠵᠦ ᠪᠠᠶᠢᠭ᠎ᠠ 《 ᠠᠷᠭ᠎ᠠ 》 ᠪᠣᠯ 《 | ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠲᠦᠷᠢᠮ | 》 ᠢ ᠲᠤᠭᠤᠰᠢᠯᠠᠭᠤᠯᠬᠤ ᠶᠢᠨ ᠲᠥᠯᠥᠭᠡ ᠲᠣᠭᠲᠠᠭᠠᠭᠰᠠᠨ | ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠪᠣᠯᠤᠨ᠎ᠠ᠂ 2013 | ᠣᠨ ᠠᠴᠠ ᠡᠬᠢᠯᠡᠨ ᠬᠡᠷᠡᠭᠵᠢᠭᠦᠯᠦᠭᠡᠳ ᠣᠲᠣ ᠪᠣᠯᠲᠠᠯ᠎ᠠ | ᠨᠢᠭᠡᠨᠲᠡ ᠶᠢᠰᠦᠨ ᠵᠢᠯ ᠪᠣᠯᠵᠣ ᠪᠠᠶᠢᠨ᠎ᠠ᠂ 2017 ᠣᠨ ᠤ | ᠰᠣᠶᠣᠯ ᠤᠨ ᠶᠠᠮᠤᠨ ᠤ ᠵᠠᠷᠯᠢᠭ 57 ᠳ᠋ᠤᠭᠠᠷ ᠲᠣᠭᠠᠲᠤ ᠳᠤ | ᠲᠡᠭᠦᠨ ᠤ ᠬᠡᠰᠡᠭ ᠵᠦᠶᠯ ᠵᠤᠷᠪᠤᠰ ᠲᠤ ᠵᠠᠰᠠᠪᠤᠷᠢ ᠣᠷᠣᠭᠤᠯᠪᠠ | ᠃ 《 ᠠᠷᠭ᠎ᠠ 》 ᠶᠢᠨ ᠬᠡᠷᠡᠭᠵᠢᠭᠦᠯᠦᠯᠲᠡ ᠨᠢ ᠵᠤᠭ᠎ᠠ | ᠴᠡᠩᠭᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠵᠤ᠂ ᠵᠤᠭ᠎ᠠ ᠴᠡᠩᠭᠡᠯ ᠤᠨ ᠵᠠᠬ᠎ᠠ ᠳᠡᠯᠭᠡᠭᠦᠷ | ᠤᠨ ᠴᠡᠴᠡᠭᠯᠡᠨ ᠬᠥᠭᠵᠢᠬᠦ ᠶᠢ ᠠᠬᠢᠭᠤᠯᠬᠤ ᠳᠤ ᠴᠢᠬᠤᠯᠠ | ᠦᠶᠯᠡᠳᠦᠯ ᠦᠵᠡᠭᠦᠯᠪᠡ ᠃ ᠣᠶᠢᠷ᠎ᠠ ᠶᠢᠨ ᠵᠢᠯ ᠤᠳ ᠲᠤ ᠂ ᠵᠤᠭ᠎ᠠ | ᠴᠡᠩᠭᠡᠯ ᠤᠨ ᠵᠠᠬ᠎ᠠ ᠳᠡᠯᠭᠡᠭᠦᠷ ᠤᠨ ᠬᠥᠭᠵᠢᠯᠲᠡ | ᠬᠤᠪᠢᠷᠠᠯᠲᠠ ᠶᠢ ᠳᠠᠭᠠᠯᠳᠤᠨ᠂ ᠬᠢᠨᠠᠯᠲᠠ ᠬᠠᠮᠢᠶᠠᠷᠤᠯᠲᠠ | ᠶᠢᠨ ᠶᠠᠪᠤᠴᠠ ᠳᠤ ᠣᠷᠣᠰᠢᠵᠤ ᠪᠠᠶᠢᠭ᠎ᠠ ᠴᠠᠭᠠᠵᠠᠯᠠᠬᠤ ᠳᠤ | ᠬᠦᠴᠢᠷᠲᠡᠶ ᠵᠡᠷᠭᠡ ᠪᠣᠳᠠᠲᠠᠶ ᠠᠰᠠᠭᠤᠳᠠᠯ ᠳᠤ 《 ᠠᠷᠭ᠎ᠠ 》 ᠳᠤ | ᠵᠠᠰᠠᠪᠤᠷᠢ ᠣᠷᠣᠭᠤᠯᠵᠤ ᠬᠢᠨᠠᠯᠲᠠ ᠬᠠᠮᠢᠶᠠᠷᠤᠯᠲᠠ ᠶᠢᠨ | ᠠᠷᠭ᠎ᠠ ᠪᠠᠷᠢᠯ ᠪᠠ ᠠᠷᠭ᠎ᠠ ᠬᠡᠮᠵᠢᠶ᠎ᠡ ᠣᠯᠭᠤᠬᠤ ᠴᠢᠬᠤᠯᠠᠲᠠᠶ | ᠪᠣᠯᠵᠠᠶ ᠃ ᠡᠭᠦᠨ ᠤ ᠬᠠᠮᠲᠤ᠂ ᠤᠯᠤᠰ ᠠᠴᠠ ᠵᠤᠭ᠎ᠠ ᠴᠡᠩᠭᠡᠯ ᠤᠨ | ᠭᠠᠵᠠᠷ ᠤᠨ ᠬᠠᠮᠢᠶᠠᠷᠤᠯᠲᠠ ᠲᠠᠢ ᠬᠤᠯᠪᠣᠭᠳᠠᠬᠤ ᠨᠢᠭᠡ ᠪᠦᠯᠦᠭ | ᠬᠠᠤᠯᠢ ᠴᠠᠭᠠᠵᠠ ᠬᠠᠤᠯᠢ ᠲᠣᠭᠲᠠᠭᠠᠯ ᠢ ᠨᠡᠶᠢᠲᠡᠯᠡᠭᠰᠡᠨ ᠪᠤᠶᠤ | ᠰᠢᠨ᠎ᠡ ᠪᠠᠷ ᠵᠠᠰᠠᠪᠤᠷᠢ ᠣᠷᠣᠭᠤᠯᠵᠤ᠂ ᠭᠠᠯ ᠰᠡᠷᠭᠡᠶᠢᠯᠡᠬᠦ | ᠭᠠᠯ ᠤᠨᠲᠠᠷᠠᠭᠠᠬᠤ᠂ ᠣᠷᠴᠢᠨ ᠲᠣᠭᠤᠷᠢᠨ ᠢ ᠬᠠᠮᠠᠭᠠᠯᠠᠬᠤ | ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠴᠦ ᠠᠯᠬᠤᠮ | ᠠᠯᠬᠤᠮ ᠢᠶᠠᠷ ᠬᠥᠨᠵᠡᠭᠡᠶᠢᠷᠡᠬᠦᠯᠪᠡ᠃ 《 ᠠᠷᠭ᠎ᠠ 》 ᠶᠢ | ᠡᠭᠦᠨ ᠲᠠᠢ ᠵᠣᠯᠭᠠᠭᠤᠯᠵᠤ᠂ 《 ᠲᠠᠯᠪᠢᠬᠤ ᠬᠠᠮᠢᠶᠠᠷᠬᠤ | ᠦᠶᠯᠡᠴᠢᠯᠡᠬᠦ 》 ᠥᠭᠡᠷᠡᠴᠢᠯᠡᠯᠲᠡ ᠶᠢᠨ ᠠᠰᠢᠭ ᠢ | ᠪᠣᠳᠠᠲᠠᠶ ᠳᠤ ᠨᠠᠶᠢᠳᠠᠪᠤᠷᠢᠵᠢᠭᠤᠯᠬᠤ ᠴᠢᠬᠤᠯᠠᠲᠠᠶ ᠪᠠᠶᠢᠨ᠎ᠠ | ᠃ | ᠬᠤᠶᠠᠷ᠂ 《 ᠠᠷᠭ᠎ᠠ 》 ᠳᠤ ᠵᠠᠰᠠᠪᠤᠷᠢ ᠣᠷᠣᠭᠤᠯᠤᠭᠰᠠᠨ ᠭᠤᠤᠯ | ᠠᠭᠤᠯᠭ᠎ᠠ ᠨᠢ ᠶᠠᠭᠤ ᠪᠣᠶ︖ | ᠨᠢᠭᠡ ᠳᠤ᠂ ᠳᠡᠭᠡᠳᠦ ᠪᠠᠶᠢᠷᠢ ᠶᠢᠨ ᠬᠠᠤᠯᠢ ᠲᠠᠢ ᠦᠯᠦ | ᠨᠡᠶᠢᠴᠡᠬᠦ ᠵᠦᠢᠯ ᠪᠠᠳᠠᠭ ᠲᠤ ᠵᠠᠰᠠᠪᠤᠷᠢ ᠤᠷᠤᠭᠤᠯᠪᠠ ᠃ | ᠵᠢᠱᠢᠶᠡᠯᠡᠪᠡᠯ᠂ 《 ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠬᠠᠤᠯᠢ 》 ᠳᠤ ᠰᠢᠨ᠎ᠡ ᠪᠠᠷ ᠨᠡᠮᠡᠭᠰᠡᠨ 《 | ᠬᠡᠦᠬᠡᠳ ᠤᠨ ᠴᠡᠴᠡᠷᠯᠢᠭ ᠤᠨ ᠡᠷᠬᠢᠨ ᠲᠣᠭᠤᠷᠢᠨ ᠳᠤ ᠵᠤᠭ᠎ᠠ | ᠴᠡᠩᠭᠡᠯ ᠤᠨ ᠲᠠᠯᠠᠪᠤᠷ ᠭᠠᠵᠠᠷ ᠭᠠᠷᠭᠠᠵᠤ ᠪᠣᠯᠬᠤ ᠥᠬᠡᠶ 》 | ᠭᠡᠬᠦ ᠲᠣᠭᠲᠠᠭᠠᠯ ᠢ ᠨᠠᠶᠢᠳᠠᠪᠤᠷᠢᠵᠢᠭᠤᠯᠵᠤ᠂ ᠰᠢᠨ᠎ᠡ ᠪᠠᠷ | ᠵᠠᠰᠠᠪᠤᠷᠢ ᠣᠷᠣᠭᠤᠯᠤᠭᠰᠠᠨ 《 ᠵᠤᠭ᠎ᠠ ᠴᠡᠩᠭᠡᠯ ᠤᠨ ᠭᠠᠵᠠᠷ | ᠤᠨ ᠬᠠᠮᠢᠶᠠᠷᠤᠯᠲᠠ ᠶᠢᠨ ᠲᠦᠷᠢᠮ 》 ᠳᠤ ᠬᠢ | ᠭᠠᠳᠠᠭᠠᠳᠤ ᠶᠢᠨ ᠬᠤᠳᠠᠯᠳᠤᠭᠠᠴᠢᠨ ᠤ ᠵᠤᠭ᠎ᠠ ᠴᠡᠩᠭᠡᠯ ᠤᠨ | ᠲᠠᠯᠠᠪᠤᠷ ᠲᠤ ᠪᠡᠯᠡ ᠤᠷᠤᠭᠤᠯᠬᠤ ᠶᠢ ᠬᠢᠵᠠᠭᠠᠷᠯᠠᠬᠤ ᠶᠢ | ᠪᠥᠬᠦ ᠲᠠᠯ᠎ᠠ ᠪᠠᠷ ᠬᠦᠴᠦᠨ ᠥᠬᠡᠶ ᠪᠣᠯᠭᠠᠬᠤ ᠵᠡᠷᠭᠡ ᠶᠢ | ᠨᠠᠶᠢᠳᠠᠪᠤᠷᠢᠵᠢᠭᠤᠯᠪᠠ᠃ ᠬᠤᠶᠠᠷ ᠲᠤ᠂ 《 ᠲᠠᠯᠪᠢᠬᠤ | ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠤᠯᠠᠮ | ᠴᠢᠨᠠᠭᠰᠢᠳᠠ ᠭᠦᠨᠵᠡᠭᠡᠶᠢᠷᠡᠭᠦᠯᠬᠦ ᠶᠢᠨ ᠬᠠᠮᠲᠤ ᠬᠤᠯᠪᠣᠭᠳᠠᠯ | ᠪᠥᠬᠦᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠯᠦᠭᠡ | ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠰᠠᠶᠢᠲᠤᠷ | ᠬᠢᠪᠡ᠃ ᠭᠠᠯ ᠤᠨᠲᠠᠷᠠᠭᠠᠬᠤ᠂ ᠣᠷᠴᠢᠨ ᠲᠣᠭᠤᠷᠢᠨ ᠢ | ᠬᠠᠮᠠᠭᠠᠯᠠᠬᠤ ᠥᠭᠡᠷᠡᠴᠢᠯᠡᠯᠲᠡ ᠯᠦᠭᠡ ᠰᠠᠶᠢᠲᠤᠷ | ᠵᠣᠯᠭᠠᠯᠳᠤᠭᠤᠯᠵᠤ᠂ ᠭᠠᠯ ᠤᠨᠲᠠᠷᠠᠭᠠᠬᠤ ᠵᠥᠪᠰᠢᠶᠡᠷᠡᠯ ᠣᠯᠬᠤ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ | ᠬᠦᠷᠦᠭᠦᠯᠬᠦ ᠶᠠᠪᠤᠳᠠᠯ ᠢ ᠰᠣᠶᠣᠯ ᠪᠠ ᠵᠢᠭᠤᠯᠴᠢᠯᠠᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠤᠭ᠎ᠠ | ᠴᠡᠩᠭᠡᠯ ᠤᠨ ᠭᠠᠵᠠᠷ ᠢ ᠬᠢᠨᠠᠨ ᠵᠥᠪᠰᠢᠶᠡᠷᠡᠬᠦ ᠤᠷᠢᠳᠠᠴᠢ | ᠨᠥᠬᠦᠴᠡᠯ ᠪᠣᠯᠭᠠᠬᠤ ᠦᠭᠡᠶ︔ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠳᠤ | ᠬᠤᠯᠪᠣᠭᠳᠠᠭᠰᠠᠨ ᠶᠠᠮᠤᠨ ᠵᠥᠪᠯᠡᠯ ᠤᠨ ᠨᠡᠷᠡᠶᠢᠳᠦᠯ ᠢ | ᠬᠤᠪᠢᠷᠠᠭᠤᠯᠬᠤ ᠠᠵᠢᠯ ᠲᠠᠢ ᠰᠠᠶᠢᠲᠤᠷ ᠵᠣᠯᠭᠠᠭᠤᠯᠵᠤ᠂ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠨᠡᠷᠡᠶᠢᠳᠦᠯ ᠳᠤ | ᠵᠠᠰᠠᠪᠤᠷᠢ ᠤᠷᠤᠭᠤᠯᠪᠠ︔ ᠲᠥᠷᠥ ᠶᠢᠨ ᠶᠠᠪᠤᠳᠠᠯ ᠤᠨ | ᠬᠤᠷᠢᠶᠠᠨ ᠤ ᠡᠯ᠎ᠡ ᠲᠥᠷᠥᠯ ᠤᠨ ᠭᠡᠷᠡᠴᠢᠯᠡᠬᠦ ᠵᠦᠶᠯᠡᠰ ᠢ | ᠬᠦᠴᠦᠨ ᠥᠬᠡᠶ ᠪᠣᠯᠭᠠᠬᠤ ᠥᠭᠡᠷᠡᠴᠢᠯᠡᠯᠲᠡ ᠲᠠᠢ ᠰᠠᠶᠢᠲᠤᠷ | ᠵᠤᠯᠭᠠᠭᠤᠯᠪᠠ︔ ᠢᠲᠡᠭᠡᠮᠵᠢ ᠶᠢᠨ ᠬᠠᠮᠢᠶᠠᠷᠤᠯᠲᠠ ᠶᠢᠨ | ᠥᠭᠡᠷᠡᠴᠢᠯᠡᠯᠲᠡ ᠲᠠᠢ ᠰᠠᠶᠢᠲᠤᠷ ᠵᠤᠯᠭᠠᠭᠤᠯᠪᠠ᠃ ᠭᠤᠷᠪᠠ ᠳᠤ᠂ | ᠬᠠᠤᠯᠢ ᠬᠡᠷᠡᠭᠵᠢᠭᠦᠯᠬᠦ ᠦᠶᠯᠡᠳᠦᠯᠭᠡ ᠶᠢᠨ ᠳᠤᠮᠳᠠ ᠭᠡᠷᠡᠴᠢ | ᠦᠨᠡᠮᠯᠡᠯ ᠥᠬᠡᠶ ᠵᠤᠭ᠎ᠠ ᠴᠡᠩᠭᠡᠯ ᠤᠨ ᠭᠠᠵᠠᠷ ᠢ | ᠴᠠᠭᠠᠵᠠᠯᠠᠬᠤ ᠳᠤ ᠬᠦᠴᠢᠷᠲᠡᠶ ᠪᠠᠶᠢᠬᠤ ᠠᠰᠠᠭᠤᠳᠠᠯ ᠢ | ᠰᠢᠶᠳᠪᠦᠷᠢᠯᠡᠵᠦ᠂ ᠰᠢᠨ᠎ᠡ ᠪᠠᠷ ᠨᠡᠶᠢᠲᠡᠯᠡᠭᠰᠡᠨ 《 ᠵᠠᠰᠠᠭ | ᠵᠠᠬᠢᠷᠭᠠᠨ ᠤ ᠰᠢᠢᠳᠬᠡᠯ ᠤᠨ ᠬᠠᠤᠯᠢ 》 ᠵᠡᠷᠭᠡ ᠬᠤᠯᠪᠣᠭᠳᠠᠯ | ᠪᠥᠬᠦᠶ ᠲᠣᠭᠲᠠᠭᠠᠯ ᠢ ᠦᠨᠳᠦᠰᠦᠯᠡᠨ ᠵᠤᠭ᠎ᠠ ᠴᠡᠩᠭᠡᠯ ᠤᠨ | ᠭᠠᠵᠠᠷ ᠤᠨ ᠳᠤᠷ᠎ᠠ ᠪᠠᠷ ᠢᠶᠠᠨ ᠡᠵᠡᠩᠨᠡᠯᠲᠡ ᠶᠢᠨ | ᠠᠵᠢᠯᠯᠠᠭ᠎ᠠ ᠡᠷᠬᠢᠯᠡᠭᠰᠡᠨ᠂ ᠲᠣᠭᠲᠠᠭᠠᠯ ᠢ ᠵᠥᠷᠢᠴᠡᠭᠰᠡᠨ | ᠦᠶᠯᠡ ᠠᠵᠢᠯᠯᠠᠭ᠎ᠠ ᠳᠤ ᠰᠢᠢᠳᠬᠡᠯ ᠥᠭᠬᠦ ᠵᠦᠶᠯ ᠵᠤᠷᠪᠤᠰ | ᠭᠠᠷᠭᠠᠪᠠ ᠃ | ᠭᠤᠷᠪᠠ᠂ ᠭᠠᠳᠠᠭᠠᠳᠤ ᠶᠢᠨ ᠬᠤᠳᠠᠯᠳᠤᠭᠠᠴᠢᠨ ᠤ ᠵᠤᠭ᠎ᠠ | ᠴᠡᠩᠭᠡᠯ ᠤᠨ ᠭᠠᠵᠠᠷ ᠲᠤ ᠪᠠᠯᠠ ᠣᠷᠣᠭᠤᠯᠬᠤ ᠲᠤᠬᠠᠶ ᠬᠡᠷᠬᠢᠨ | ᠲᠣᠭᠲᠠᠭᠠᠭᠰᠠᠨ ᠪᠣᠶ︖ | 2020 ᠣᠨ ᠤ 11 ᠰᠠᠷ᠎ᠠ ᠳᠤ᠂ 《 ᠲᠥᠷᠥ ᠶᠢᠨ ᠶᠠᠪᠤᠳᠠᠯ ᠤᠨ | ᠬᠤᠷᠢᠶᠠᠨ ᠤ ᠬᠡᠰᠡᠭ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ | ᠪᠣᠯᠭᠠᠬᠤ ᠲᠤᠬᠠᠶ ᠲᠣᠭᠲᠠᠭᠠᠯ 》 ᠳᠤ 《 ᠵᠤᠭ᠎ᠠ ᠴᠡᠩᠭᠡᠯ ᠤᠨ | ᠭᠠᠵᠠᠷ ᠤᠨ ᠬᠠᠮᠢᠶᠠᠷᠤᠯᠲᠠ ᠶᠢᠨ ᠲᠦᠷᠢᠮ 》 ᠤᠨ | ᠵᠢᠷᠭᠤᠳᠤᠭᠠᠷ ᠵᠦᠶᠯ ᠢ 《 ᠭᠠᠳᠠᠭᠠᠳᠤ ᠶᠢᠨ ᠪᠠᠯᠠ | ᠣᠷᠣᠭᠤᠯᠤᠭᠴᠢᠳ ᠳᠤᠮᠳᠠᠳᠤ ᠤᠯᠤᠰ ᠤᠨ ᠬᠢᠯᠢ ᠳᠣᠲᠣᠷ᠎ᠠ ᠵᠤᠭ᠎ᠠ | ᠴᠡᠩᠭᠡᠯ ᠤᠨ ᠭᠠᠵᠠᠷ ᠢ ᠬᠠᠤᠯᠢ ᠶᠣᠰᠣᠭᠠᠷ ᠪᠠᠶᠢᠭᠤᠯᠵᠤ | ᠪᠣᠯᠤᠨ᠎ᠠ 》 ᠭᠡᠵᠦ ᠵᠠᠰᠠᠪᠤᠷᠢ ᠣᠷᠣᠭᠤᠯᠪᠠ︔ ᠶᠢᠰᠦᠳᠦᠭᠡᠷ | ᠵᠦᠢᠯ ᠤᠨ ᠨᠢᠭᠡᠳᠦᠭᠡᠷ ᠪᠠᠳᠠᠭ ᠲᠤ ᠬᠢ《 ᠳᠤᠮᠳᠠᠳᠤ | ᠭᠠᠳᠠᠭᠠᠳᠤ ᠶᠢᠨ ᠪᠡᠯᠡ ᠨᠡᠶᠢᠯᠡᠭᠦᠯᠦᠨ ᠡᠵᠡᠩᠨᠡᠬᠦ᠂ | ᠳᠤᠮᠳᠠᠳᠤ ᠭᠠᠳᠠᠭᠠᠳᠤ ᠶᠢᠨ ᠬᠤᠷᠰᠢᠨ ᠡᠵᠡᠩᠨᠡᠬᠦ 》 ᠭᠡᠳᠡᠭ ᠢ 《 | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ 》 | ᠭᠡᠵᠦ ᠵᠠᠰᠠᠪᠠ ᠃ ᠡᠭᠦᠨ ᠢ ᠦᠨᠳᠦᠰᠦᠯᠡᠪᠡᠯ᠂ ᠭᠠᠳᠠᠭᠠᠳᠤ ᠶᠢᠨ | ᠬᠤᠳᠠᠯᠳᠤᠭᠠᠴᠢᠨ ᠤ ᠪᠠᠯᠠ ᠣᠷᠣᠭᠤᠯᠵᠤ ᠪᠠᠶᠢᠭᠤᠯᠤᠭᠰᠠᠨ | ᠲᠠᠯᠠᠪᠤᠷ ᠭᠠᠵᠠᠷ ᠲᠤ ᠪᠠᠯᠠ ᠣᠷᠣᠭᠤᠯᠬᠤ ᠬᠠᠷᠢᠴᠠᠯ ᠤᠨ | ᠬᠢᠵᠠᠭᠠᠷᠯᠠᠯ ᠨᠢᠭᠡᠨᠲᠡ ᠥᠬᠡᠶ ᠪᠣᠯᠵᠠᠶ ᠃ 《 ᠠᠷᠭ᠎ᠠ 》 ᠶᠢᠨ | ᠶᠢᠰᠦᠳᠦᠭᠡᠷ ᠵᠦᠶᠯ᠂ ᠠᠷᠪᠠᠨ ᠨᠢᠭᠡᠳᠦᠭᠡᠷ ᠵᠦᠶᠯ ᠳᠤ᠂ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠭᠰᠠᠨ | ᠵᠤᠭ᠎ᠠ ᠴᠡᠩᠭᠡᠯ ᠤᠨ ᠭᠠᠵᠠᠷ ᠵᠤᠭ᠎ᠠ ᠴᠡᠩᠭᠡᠯ ᠤᠨ ᠭᠠᠵᠠᠷ ᠤᠨ | ᠡᠵᠡᠩᠨᠡᠯᠲᠡ ᠶᠢᠨ ᠠᠵᠢᠯᠯᠠᠭ᠎ᠠ ᠡᠷᠬᠢᠯᠡᠬᠦ ᠪᠠᠷ | ᠭᠤᠶᠤᠴᠢᠯᠠᠬᠤ ᠦᠶ᠎ᠡ ᠶᠢᠨ ᠬᠢᠨᠠᠨ ᠵᠥᠪᠰᠢᠶᠡᠷᠡᠬᠦ ᠲᠠᠰ | ᠵᠡᠷᠭᠡ ᠶᠢ ᠲᠣᠳᠣᠷᠬᠠᠶᠢᠯᠠᠵᠤ᠂ ᠬᠤᠳᠠᠯᠳᠤᠭᠠᠨ ᠤ | ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ | ᠲᠤᠰᠢᠶᠠᠬᠤ ᠬᠡᠷᠡᠭᠲᠡᠢ ᠵᠡᠷᠭᠡ ᠬᠠᠮᠢᠶ᠎ᠠ ᠪᠥᠬᠦᠶ | ᠱᠠᠭᠠᠷᠳᠠᠯᠭ᠎ᠠ ᠶᠢ ᠬᠦᠴᠦᠨ ᠥᠬᠡᠶ ᠪᠤᠯᠭᠠᠪᠠ ᠃ ᠣᠳᠣᠬᠠᠨ ᠳᠤ᠂ | ᠭᠠᠳᠠᠭᠠᠳᠤ ᠶᠢᠨ ᠪᠡᠯᠡ ᠣᠷᠣᠭᠤᠯᠤᠭᠴᠢᠳ ᠤᠨ ᠳᠤᠮᠳᠠᠳᠤ | ᠤᠯᠤᠰ ᠤᠨ ᠬᠢᠯᠢ ᠳᠣᠲᠣᠷ᠎ᠠ ᠬᠠᠤᠯᠢ ᠶᠣᠰᠣᠭᠠᠷ ᠵᠤᠭ᠎ᠠ | ᠴᠡᠩᠭᠡᠯ ᠤᠨ ᠭᠠᠵᠠᠷ ᠪᠠᠶᠢᠭᠤᠯᠬᠤ ᠶᠢ ᠵᠥᠪᠰᠢᠶᠡᠷᠡᠵᠦ᠂ ᠪᠡᠯᠡ | ᠣᠷᠣᠭᠤᠯᠤᠯᠲᠠ ᠶᠢᠨ ᠬᠠᠷᠢᠴᠠᠯ ᠤᠨ ᠬᠢᠵᠠᠭᠠᠷᠯᠠᠯ ᠪᠠᠶᠢᠬᠤ | ᠦᠭᠡᠢ᠂ ᠭᠤᠶᠤᠴᠢᠯᠠᠬᠤ ᠮᠠᠲ᠋ᠧᠷᠢᠶᠠᠯ᠂ ᠪᠠᠶᠢᠭᠤᠯᠬᠤ ᠨᠥᠬᠦᠴᠡᠯ | ᠪᠠ ᠵᠢᠷᠤᠮ ᠨᠢ ᠡᠬᠡ ᠬᠠᠭᠤᠷᠠᠢ ᠶᠢᠨ ᠪᠡᠯᠡ ᠲᠠᠢ ᠪᠠᠨ | ᠨᠢᠭᠡᠳᠦᠯᠲᠡᠢ ᠃ ᠡᠭᠦᠨ ᠠᠴᠠ ᠭᠠᠳᠠᠨ᠎ᠠ᠂ ᠰᠢᠶᠠᠩᠭᠠᠩ ᠣᠣᠮᠧᠨ | ᠲᠠᠶᠢᠸᠠᠨ ᠤ ᠪᠡᠯᠡ ᠣᠷᠣᠭᠤᠯᠤᠯᠲᠠ ᠳᠤ ᠲᠤᠰ ᠲᠦᠷᠦ ᠶᠢᠨ | ᠪᠤᠳᠤᠯᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ ᠃ | ᠳᠥᠷᠪᠡ᠂ 《 ᠠᠷᠭ᠎ᠠ 》 ᠳᠤ ᠵᠠᠰᠠᠪᠤᠷᠢ ᠣᠷᠣᠭᠤᠯᠤᠭᠰᠠᠨ ᠤ | ᠳᠠᠷᠠᠭ᠎ᠠ᠂ ᠵᠤᠭ᠎ᠠ ᠴᠡᠩᠭᠡᠯ ᠤᠨ ᠭᠠᠵᠠᠷ ᠵᠤᠭ᠎ᠠ ᠴᠡᠩᠭᠡᠯ ᠤᠨ | ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ ᠡᠷᠭᠢᠯᠡᠬᠦ ᠪᠠᠷ | ᠭᠤᠶᠤᠴᠢᠯᠠᠬᠤ ᠳᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ | ᠮᠥᠴᠢᠷ ᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ | ᠳᠠᠩᠰᠠᠯᠠᠭᠤᠯᠤᠭᠰᠠᠨ ᠭᠡᠷᠡᠴᠢ ᠬᠠᠩᠭᠠᠬᠤ ᠴᠢᠬᠤᠯᠠ ᠥᠬᠡᠶ | ᠪᠣᠯᠤᠭᠰᠠᠨ ᠤᠤ︖ | 《 ᠠᠷᠭ᠎ᠠ 》 ᠶᠢᠨ ᠤᠤᠯ ᠤᠨ ᠠᠷᠪᠠᠨ ᠨᠢᠭᠡᠳᠦᠭᠡᠷ ᠵᠦᠶᠯ ᠳᠤ | ᠲᠣᠭᠲᠠᠭᠠᠭᠰᠠᠨ ᠭᠠᠯ ᠰᠡᠷᠭᠡᠶᠢᠯᠡᠯᠲᠡ ᠶᠢᠨ ᠰᠠᠯᠠᠭ᠎ᠠ | ᠮᠥᠴᠢᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ | ᠮᠥᠴᠢᠷ ᠤᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠪᠤᠶᠤ | ᠳᠠᠩᠰᠠᠯᠠᠭᠤᠯᠤᠭᠰᠠᠨ ᠭᠡᠷᠡᠴᠢ ᠶᠢ ᠡᠷᠬᠡᠪᠰᠢ ᠲᠤᠰᠢᠶᠠᠬᠤ | ᠬᠡᠷᠡᠭᠲᠡᠢ ᠭᠡᠳᠡᠭ ᠢ《 ᠬᠤᠯᠪᠣᠭᠳᠠᠯ ᠪᠥᠬᠦᠶ ᠬᠠᠤᠯᠢ ᠴᠠᠭᠠᠵᠠ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ | ᠭᠠᠯ ᠰᠡᠷᠭᠡᠶᠢᠯᠡᠯᠲᠡ ᠶᠢᠨ ᠰᠠᠯᠠᠭ᠎ᠠ ᠮᠥᠴᠢᠷ᠂ ᠡᠷᠡᠭᠦᠯ | ᠬᠠᠮᠠᠭᠠᠯᠠᠯ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠶᠢᠨ | ᠬᠢᠨᠠᠨ ᠵᠥᠪᠰᠢᠶᠡᠷᠡᠬᠦ ᠭᠠᠷᠳᠠᠮ ᠢ ᠭᠦᠶᠴᠡᠳᠬᠡᠬᠦ | ᠴᠢᠬᠤᠯᠠᠲᠠᠶ ᠪᠠᠶᠢᠪᠠᠯ ᠲᠡᠷᠡ ᠲᠣᠭᠲᠠᠭᠠᠯ ᠢᠶᠠᠷ ᠨᠢ | ᠬᠡᠷᠡᠭᠵᠢᠭᠦᠯᠦᠨ᠎ᠡ 》 ᠭᠡᠵᠦ ᠵᠠᠰᠠᠪᠤᠷᠢ ᠣᠷᠣᠭᠤᠯᠪᠠ ᠃ | ᠨᠢᠭᠡ ᠳᠤ᠂《 ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠬᠠᠤᠯᠢ 》 ᠶᠢ 2021 ᠣᠨ ᠤ 12 ᠰᠠᠷ᠎ᠠ ᠶᠢᠨ 24 ᠤ ᠡᠳᠦᠷ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠪᠠᠲᠤᠯᠠᠵᠤ᠂ 2022 ᠣᠨ ᠤ 6 | ᠰᠠᠷ᠎ᠠ ᠶᠢᠨ 5 ᠤ ᠡᠳᠦᠷ ᠠᠴᠠ ᠡᠬᠢᠯᠡᠵᠦ ᠬᠡᠷᠡᠭᠵᠢᠬᠦᠯᠦᠨ᠂ 《 | ᠣᠷᠴᠢᠨ ᠲᠣᠭᠤᠷᠢᠨ ᠤ ᠲᠠᠭᠤ ᠱᠤᠤᠭᠢᠶᠠᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠬᠠᠤᠯᠢ 》 ᠶᠢ ᠬᠠᠮᠲᠤ ᠳᠤ ᠨᠢ ᠬᠦᠴᠦᠨ | ᠥᠬᠡᠶ ᠪᠣᠯᠭᠠᠨ᠎ᠠ᠃ ᠵᠤᠭ᠎ᠠ ᠴᠡᠩᠭᠡᠯ ᠤᠨ ᠭᠠᠵᠠᠷ ᠤᠨ ᠣᠷᠴᠢᠨ | ᠲᠣᠭᠤᠷᠢᠨ ᠤ ᠲᠠᠭᠤ ᠱᠤᠤᠭᠢᠶᠠᠨ ᠢ ᠪᠠᠷᠢᠮᠵᠢᠶ᠎ᠠ ᠳᠤ | ᠬᠦᠷᠭᠡᠬᠦ ᠨᠢ ᠰᠣᠶᠣᠯ ᠪᠠ ᠵᠢᠭᠤᠯᠴᠢᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠵᠤᠭ᠎ᠠ ᠴᠡᠩᠭᠡᠯ ᠤᠨ | ᠭᠠᠵᠠᠷ ᠢ ᠬᠢᠨᠠᠨ ᠵᠥᠪᠰᠢᠶᠡᠷᠡᠬᠦ ᠤᠷᠢᠳᠠᠴᠢ ᠨᠥᠬᠦᠴᠡᠯ ᠪᠢᠰᠢ | ᠪᠣᠯᠤᠨ᠎ᠠ ᠃ ᠬᠤᠶᠠᠷ ᠲᠤ᠂ 2021 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠬᠦᠯᠦᠭᠰᠡᠨ《 ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠤᠨ ᠣᠷᠴᠢᠨ ᠲᠣᠭᠤᠷᠢᠨ ᠤ | ᠨᠥᠯᠥᠭᠡᠯᠡᠯ ᠢ ᠦᠨᠡᠯᠡᠬᠦ ᠲᠥᠷᠥᠯ ᠬᠤᠪᠢᠶᠠᠭᠰᠠᠨ | ᠬᠠᠮᠢᠶᠠᠷᠤᠯᠲᠠ ᠶᠢᠨ ᠨᠡᠷᠡᠰ ( 2021 ᠣᠨ ᠤ ᠬᠡᠪᠯᠡᠯ ) 》 ᠳᠤ᠂ | ᠵᠤᠭ᠎ᠠ ᠴᠡᠩᠭᠡᠯ ᠤᠨ ᠭᠠᠵᠠᠷ ᠢ ᠪᠥᠲᠥᠭᠡᠨ ᠪᠠᠶᠢᠭᠤᠯᠬᠤ ᠳᠤ | ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ | ᠳᠡᠩᠰᠡᠯᠡᠯᠲᠡ ᠶᠢᠨ ᠬᠦᠰᠦᠨᠦᠭᠲᠦ ᠶᠢ ᠲᠠᠭᠯᠠᠨ ᠮᠡᠳᠡᠭᠦᠯᠬᠦ | ᠱᠠᠭᠠᠷᠳᠠᠯᠭ᠎ᠠ ᠶᠢ ᠨᠢᠭᠡᠨᠲᠡ ᠬᠦᠴᠦᠨ ᠥᠬᠡᠶ ᠪᠣᠯᠭᠠᠪᠠ᠃ | ᠡᠭᠦᠨ ᠢ ᠦᠨᠳᠦᠰᠦᠯᠡᠪᠡᠯ᠂ ᠵᠤᠭ᠎ᠠ ᠴᠡᠩᠭᠡᠯ ᠤᠨ ᠭᠠᠵᠠᠷ ᠢ | ᠪᠠᠶᠢᠭᠤᠯᠬᠤ ᠦᠶ᠎ᠡ ᠳᠤ ᠠᠮᠢ ᠠᠬᠤᠶ ᠶᠢᠨ ᠣᠷᠴᠢᠨ ᠲᠣᠭᠤᠷᠢᠨ ᠤ | ᠰᠠᠯᠠᠭ᠎ᠠ ᠮᠥᠴᠢᠷ ᠤᠨ ᠵᠥᠪᠰᠢᠶᠡᠷᠡᠭᠰᠡᠨ ᠪᠢᠴᠢᠭ | ᠮᠠᠲ᠋ᠧᠷᠢᠶᠠᠯ ᠪᠤᠶᠤ ᠳᠠᠩᠰᠠᠯᠠᠭᠤᠯᠤᠭᠰᠠᠨ ᠭᠡᠷᠡᠴᠢ ᠪᠢᠴᠢᠭ | ᠬᠠᠩᠭᠠᠬᠤ ᠶᠢ ᠳᠠᠭᠢᠵᠤ ᠱᠠᠭᠠᠷᠳᠠᠬᠤ ᠥᠬᠡᠶ᠃《 ᠵᠤᠭ᠎ᠠ | ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠲᠦᠷᠢᠮ | 》 ᠲᠠᠢ ᠨᠢᠭᠡᠳᠦᠯᠲᠡᠶ ᠪᠠᠶᠢᠯᠭᠠᠬᠤ ᠶᠢᠨ ᠲᠥᠯᠥᠭᠡ᠂ 《 | ᠬᠤᠯᠪᠣᠭᠳᠠᠯ ᠪᠥᠬᠦᠶ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠳᠤ ᠭᠠᠯ ᠤᠨᠲᠠᠷᠠᠭᠠᠬᠤ᠂ ᠡᠷᠡᠭᠦᠯ | ᠬᠠᠮᠠᠭᠠᠯᠠᠯ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠶᠢ | ᠬᠢᠨᠠᠨ ᠵᠥᠪᠰᠢᠶᠡᠷᠡᠭᠦᠯᠬᠦ ᠭᠠᠷ ᠭᠦᠶᠴᠡᠳᠬᠡᠯ ᠬᠢᠬᠦ | ᠴᠢᠬᠤᠯᠠᠲᠠᠶ ᠭᠡᠵᠦ ᠲᠣᠭᠲᠠᠭᠠᠭᠰᠠᠨ ᠪᠠᠶᠢᠪᠠᠯ ᠲᠡᠷᠡ | ᠲᠣᠭᠲᠠᠭᠠᠯ ᠢ ᠵᠢᠷᠤᠮᠯᠠᠨ᠎ᠠ 》 ᠭᠡᠵᠦ ᠵᠠᠰᠠᠪᠤᠷᠢ ᠣᠷᠣᠭᠤᠯᠪᠠ | ᠃ | ᠲᠠᠪᠤ᠂ 《 ᠠᠷᠭ᠎ᠠ 》 ᠳᠤ ᠵᠠᠰᠠᠪᠤᠷᠢ ᠣᠷᠣᠭᠤᠯᠤᠭᠰᠠᠨ ᠤ | ᠳᠠᠷᠠᠭ᠎ᠠ᠂ ᠵᠤᠭ᠎ᠠ ᠴᠡᠩᠭᠡᠯ ᠤᠨ ᠭᠠᠵᠠᠷ ᠨᠢ ᠵᠤᠭ᠎ᠠ | ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ | ᠡᠷᠭᠢᠯᠡᠬᠦ ᠪᠠᠷ ᠭᠤᠶᠤᠴᠢᠯᠠᠬᠤ ᠳᠤ ᠭᠠᠯ ᠤᠨᠲᠠᠷᠠᠭᠠᠬᠤ | ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠥᠪᠰᠢᠶᠡᠷᠡᠭᠰᠡᠨ | ᠪᠢᠴᠢᠭ ᠮᠠᠲ᠋ᠧᠷᠢᠶᠠᠯ ᠪᠤᠶᠤ ᠳᠠᠩᠰᠠᠯᠠᠭᠤᠯᠤᠭᠰᠠᠨ ᠭᠡᠷᠡᠴᠢ | ᠪᠢᠴᠢᠭ ᠬᠠᠩᠭᠠᠬᠤ ᠶᠢ ᠱᠠᠭᠠᠷᠳᠠᠬᠤ ᠥᠬᠡᠶ ᠤᠤ︖ | ᠰᠢᠨ᠎ᠡ ᠪᠠᠷ ᠵᠠᠰᠠᠪᠤᠷᠢ ᠣᠷᠣᠭᠤᠯᠤᠭᠰᠠᠨ 《 ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ | ᠬᠠᠤᠯᠢ 》 ᠨᠢ ᠣᠯᠠᠨ ᠨᠡᠶᠢᠲᠡ ᠴᠤᠭᠯᠠᠷᠠᠬᠤ ᠭᠠᠵᠠᠷ | ᠲᠠᠯᠠᠪᠤᠷ ᠲᠤ ᠠᠰᠢᠭᠯᠠᠯᠲᠠ ᠳᠤ ᠣᠷᠣᠭᠤᠯᠬᠤ ᠂ | ᠡᠵᠡᠩᠨᠡᠬᠦ ᠠᠴᠠ ᠡᠮᠦᠨ᠎ᠡ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠪᠠᠶᠢᠴᠠᠭᠠᠯᠲᠠ ᠶᠢ ᠮᠡᠳᠡᠭᠳᠡᠬᠦ ᠠᠮᠠᠯᠠᠯᠲᠠ | ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ ᠃ ᠤᠯᠠᠨ | ᠨᠡᠶᠢᠲᠡ ᠶᠢᠨ ᠬᠤᠷᠠᠨ ᠴᠤᠭᠯᠠᠷᠠᠬᠤ ᠲᠠᠯᠠᠪᠤᠷ ᠭᠠᠵᠠᠷ ᠢ | ᠠᠰᠢᠭᠯᠠᠯᠲᠠ ᠳᠤ ᠣᠷᠣᠭᠤᠯᠤᠨ ᠬᠡᠷᠡᠭᠯᠡᠬᠦ᠂ ᠡᠵᠡᠩᠨᠡᠬᠦ ᠠᠴᠠ | ᠡᠮᠦᠨ᠎ᠡ᠂ ᠪᠦᠳᠦᠭᠡᠨ ᠪᠠᠶᠢᠭᠤᠯᠬᠤ ᠨᠢᠭᠡᠴᠢ ᠪᠤᠶᠤ ᠬᠡᠷᠡᠭᠯᠡᠬᠦ | ᠨᠢᠭᠡᠴᠢ ᠨᠢ ᠲᠠᠯᠠᠪᠤᠷ ᠭᠠᠵᠠᠷ ᠤᠨ ᠪᠠᠶᠢᠭ᠎ᠠ ᠭᠠᠵᠠᠷ ᠤᠨ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠨ | ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠭᠠᠯ | ᠰᠡᠷᠭᠡᠶᠢᠯᠡᠨ ᠤᠨᠲᠠᠷᠠᠭᠠᠬᠤ ᠠᠶᠤᠯ ᠦᠭᠡᠢ ᠶᠢᠨ | ᠪᠠᠶᠢᠴᠠᠭᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠢ ᠃ | ᠵᠤᠭ᠎ᠠ ᠴᠡᠩᠭᠡᠯ ᠤᠨ ᠭᠠᠵᠠᠷ ᠵᠡᠷᠭᠡ ᠣᠯᠠᠨ ᠨᠡᠶᠢᠲᠡ ᠶᠢᠨ | ᠴᠤᠭᠯᠠᠷᠠᠬᠤ ᠭᠠᠵᠠᠷ ᠲᠠᠯᠠᠪᠤᠷ ᠨᠢ ᠭᠠᠯ ᠤᠨᠲᠠᠷᠠᠭᠠᠵᠤ | ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠥᠪᠰᠢᠶᠡᠷᠡᠯ ᠢ | ᠣᠯᠤᠭᠠᠳᠤᠶ ᠪᠣᠯ ᠠᠰᠢᠭᠯᠠᠯᠲᠠ ᠳᠤ ᠣᠷᠣᠭᠤᠯᠤᠨ ᠬᠡᠷᠡᠭᠯᠡᠵᠦ᠂ | ᠡᠵᠡᠩᠨᠡᠵᠦ ᠪᠣᠯᠬᠤ ᠦᠭᠡᠶ ᠃ ᠡᠭᠦᠨ ᠤ ᠬᠠᠮᠲᠤ᠂ ᠣᠯᠠᠨ | ᠨᠡᠶᠢᠲᠡ ᠶᠢᠨ ᠴᠤᠭᠯᠠᠷᠠᠬᠤ ᠭᠠᠵᠠᠷ ᠲᠠᠯᠠᠪᠤᠷ ᠨᠢ ᠭᠠᠯ | ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ | ᠵᠥᠪᠰᠢᠶᠡᠷᠡᠯ ᠦᠭᠡᠶ ᠪᠠᠷ ᠳᠤᠷ᠎ᠠ ᠪᠠᠷ ᠢᠶᠠᠨ | ᠬᠡᠷᠡᠭᠯᠡᠯᠲᠡ᠂ ᠡᠵᠡᠩᠨᠡᠯᠲᠡ ᠳᠤ ᠣᠷᠣᠭᠤᠯᠤᠭᠰᠠᠨ ᠪᠣᠯ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ᠂ ᠭᠠᠯ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠲᠤᠰ ᠲᠤᠰ ᠤᠨ ᠡᠷᠬᠡ ᠲᠤᠰᠢᠶᠠᠯ ᠤᠨ ᠢᠶᠠᠨ | ᠶᠣᠰᠣᠭᠠᠷ ᠪᠠᠷᠢᠯᠭ᠎ᠠ ᠪᠠᠷᠢᠬᠤ ᠶᠢ ᠨᠢ ᠵᠠᠷᠯᠢᠭᠳᠠᠨ | ᠵᠣᠭᠰᠣᠭᠠᠵᠤ᠂ ᠬᠡᠷᠡᠭᠯᠡᠬᠦ ᠶᠢ ᠨᠢ ᠵᠣᠭᠰᠣᠭᠠᠬᠤ ᠪᠤᠶᠤ | ᠦᠢᠯᠡᠳᠪᠦᠷᠢᠯᠡᠯ ᠠᠵᠢᠯ ᠢ ᠨᠢ ᠵᠣᠭᠰᠣᠭᠠᠬᠤ ᠶᠢᠨ ᠬᠠᠮᠲᠤ | ᠭᠤᠷᠪᠠᠨ ᠲᠦᠮᠡᠨ ᠲᠥᠭᠦᠷᠢᠭ ᠠᠴᠠ ᠳᠡᠭᠡᠭᠰᠢ ᠭᠤᠴᠢᠨ ᠲᠦᠮᠡᠨ | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ ᠃ ᠭᠠᠯ | ᠤᠨᠲᠠᠷᠠᠭᠠᠬᠤ ᠥᠭᠡᠷᠡᠴᠢᠯᠡᠯᠲᠡ ᠶᠢᠨ ᠬᠡᠷᠡᠭᠴᠡᠭᠡ ᠳᠤ | ᠵᠣᠬᠢᠴᠠᠭᠤᠯᠬᠤ ᠶᠢᠨ ᠬᠠᠮᠲᠤ 《 ᠵᠤᠭ᠎ᠠ ᠴᠡᠩᠭᠡᠯ ᠤᠨ | ᠭᠠᠵᠠᠷ ᠤᠨ ᠬᠠᠮᠢᠶᠠᠷᠤᠯᠲᠠ ᠶᠢᠨ ᠳᠦᠷᠢᠮ 》 ᠲᠠᠢ | ᠨᠢᠭᠡᠳᠦᠯᠲᠡᠶ ᠪᠠᠶᠢᠯᠭᠠᠬᠤ ᠶᠢᠨ ᠲᠤᠰᠠᠳᠠ᠂ ᠰᠣᠶᠣᠯ ᠪᠠ | ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠨᠢ ᠵᠤᠭ᠎ᠠ ᠴᠡᠩᠭᠡᠯ ᠤᠨ ᠭᠠᠵᠠᠷ ᠢ ᠬᠢᠨᠠᠨ | ᠵᠥᠪᠰᠢᠶᠡᠷᠡᠬᠦ ᠳᠤ ᠭᠠᠯ ᠤᠨᠲᠠᠷᠠᠭᠠᠬᠤ ᠵᠥᠪᠰᠢᠶᠡᠷᠡᠯ ᠤᠨ | ᠪᠢᠴᠢᠭ ᠮᠠᠲ᠋ᠧᠷᠢᠶᠠᠯ ᠪᠤᠶᠤ ᠳᠠᠩᠰᠠᠯᠠᠭᠤᠯᠤᠭᠰᠠᠨ ᠭᠡᠷᠡᠴᠢ | ᠬᠠᠩᠭᠠᠬᠤ ᠪᠠᠷ ᠱᠠᠭᠠᠷᠳᠠᠬᠤ ᠦᠭᠡᠶ ᠃ | ᠵᠢᠷᠭᠤᠭ᠎ᠠ᠂ 《 ᠠᠷᠭ᠎ᠠ 》 ᠳᠤ ᠵᠠᠰᠠᠪᠤᠷᠢ | ᠣᠷᠣᠭᠤᠯᠤᠭᠰᠠᠨ ᠤ ᠳᠠᠷᠠᠭ᠎ᠠ᠂ ᠳᠤᠷ᠎ᠠ ᠪᠠᠷ ᠢᠶᠠᠨ ᠵᠤᠭ᠎ᠠ | ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ | ᠬᠢᠬᠦ ᠶᠢ ᠬᠢᠨᠠᠨ ᠬᠠᠮᠢᠶᠠᠷᠬᠤ ᠡᠷᠴᠢᠮ ᠴᠢᠩᠭᠠᠷᠠᠭᠰᠠᠨ ᠡᠰᠡᠬᠦ | ︖ | 《 ᠠᠷᠭ᠎ᠠ 》 ᠶᠢᠨ ᠬᠤᠷᠢᠨ ᠨᠠᠶᠮᠠᠳᠤᠭᠠᠷ ᠵᠦᠶᠯ ᠳᠤ᠂ 《 | ᠬᠦᠴᠦᠨ ᠥᠬᠡᠶ ᠪᠣᠯᠭᠠᠬᠤ 》 ᠳᠤ ᠵᠠᠷᠯᠢᠭᠳᠠᠵᠤ ᠪᠠᠶᠢᠭᠠᠳ | ᠡᠭᠦᠳᠡ ᠶᠢ ᠨᠢ ᠬᠠᠭᠠᠯᠭᠠᠬᠤ ᠵᠡᠷᠭᠡ ᠪᠣᠳᠠᠲᠠᠶ ᠠᠷᠭ᠎ᠠ | ᠬᠡᠮᠵᠢᠶ᠎ᠡ ᠠᠪᠴᠤ ᠪᠣᠯᠬᠤ ᠶᠢ ᠲᠣᠳᠣᠷᠬᠠᠶᠢᠯᠠᠭᠰᠠᠨ ᠤ | ᠬᠠᠮᠲᠤ᠂ 《 ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ | 》 ᠶᠢᠨ ᠶᠣᠰᠣᠭᠠᠷ ᠦᠨᠡᠮᠯᠡᠯ ᠥᠬᠡᠶ ᠪᠠᠷ ᠡᠵᠡᠩᠨᠡᠭᠡᠳ | ᠣᠯᠤᠭᠰᠠᠨ ᠬᠠᠤᠯᠢ ᠠᠴᠠ ᠵᠥᠷᠢᠴᠡᠭᠰᠡᠨ ᠠᠰᠢᠭ | ᠣᠯᠵᠠᠪᠤᠷᠢ ᠶᠢ ᠨᠢ ᠬᠤᠷᠢᠶᠠᠨ ᠠᠪᠬᠤ ᠪᠠᠷ ᠲᠣᠳᠣᠷᠬᠠᠶ | ᠲᠣᠭᠲᠠᠭᠠᠪᠠ ᠃ ᠨᠢᠭᠡ ᠳᠤ᠂ ᠡᠭᠦᠳᠡ ᠶᠢ ᠨᠢ ᠬᠠᠭᠠᠯᠭᠠᠬᠤ | ᠪᠠᠷ ᠵᠠᠷᠯᠢᠭᠳᠠᠬᠤ ᠵᠡᠷᠭᠡ ᠠᠷᠭ᠎ᠠ ᠬᠡᠯᠪᠡᠷᠢ ᠪᠠᠷ | ᠴᠠᠭᠠᠵᠠᠯᠠᠬᠤ ᠶᠢ ᠲᠣᠳᠣᠷᠬᠠᠶᠢᠯᠠᠪᠠ ᠃ 《 ᠵᠤᠭ᠎ᠠ ᠴᠡᠩᠭᠡᠯ ᠤᠨ | ᠭᠠᠵᠠᠷ ᠤᠨ ᠬᠠᠮᠢᠶᠠᠷᠤᠯᠲᠠ ᠶᠢᠨ ᠲᠦᠷᠢᠮ 》 ᠤᠨ ᠳᠥᠴᠢᠨ | ᠨᠢᠭᠡᠳᠦᠭᠡᠷ ᠵᠦᠢᠯ ᠳᠤ᠄ 《 ᠲᠤᠰ ᠲᠦᠷᠢᠮ ᠤᠨ ᠲᠣᠭᠲᠠᠭᠠᠯ ᠢ | ᠵᠥᠷᠢᠴᠡᠵᠦ᠂ ᠵᠤᠭ᠎ᠠ ᠴᠡᠩᠭᠡᠯ ᠤᠨ ᠭᠠᠵᠠᠷ ᠤᠨ | ᠡᠵᠡᠩᠨᠡᠯᠲᠡ ᠶᠢᠨ ᠠᠵᠢᠯᠯᠠᠭ᠎ᠠ ᠶᠢ ᠳᠤᠷ᠎ᠠ ᠪᠠᠷ ᠢᠶᠠᠨ | ᠬᠢᠭᠰᠡᠨ ᠪᠠᠶᠢᠪᠠᠯ᠂ ᠰᠣᠶᠣᠯ ᠤᠨ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠬᠠᠤᠯᠢ ᠶᠣᠰᠣᠭᠠᠷ ᠴᠠᠭᠠᠵᠠᠯᠠᠨ᠎ᠠ 》 ᠭᠡᠵᠦ | ᠲᠣᠭᠲᠠᠭᠠᠵᠠᠢ ᠃ ᠬᠤᠶᠠᠷ ᠲᠤ ᠂ ᠬᠠᠤᠯᠢ ᠶᠢ ᠵᠥᠷᠢᠴᠡᠵᠦ | ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ ᠠᠷᠭ᠎ᠠ | ᠮᠠᠶ᠋ᠢᠭ ᠢᠶᠠᠷ ᠵᠠᠰᠠᠭ ᠵᠠᠬᠢᠷᠭᠠᠨ ᠤ ᠰᠢᠢᠳᠬᠡᠯ ᠥᠭᠴᠦ | ᠪᠣᠯᠤᠨ᠎ᠠ ᠭᠡᠵᠦ ᠲᠣᠳᠣᠷᠬᠠᠶ ᠲᠣᠭᠲᠠᠭᠠᠪᠠ ᠃ 《 ᠵᠠᠰᠠᠭ | ᠵᠠᠬᠢᠷᠭᠠᠨ ᠤ ᠰᠢᠢᠳᠬᠡᠯ ᠤᠨ ᠬᠠᠤᠯᠢ 》 ᠶᠢᠨ ᠬᠤᠷᠢᠨ | ᠨᠠᠢᠮᠠᠳᠤᠭᠠᠷ ᠵᠦᠢᠯ ᠤᠨ 《 ᠵᠠᠰᠠᠭ ᠵᠠᠬᠢᠷᠭᠠᠨ ᠤ | ᠪᠠᠶᠢᠭᠤᠯᠭ᠎ᠠ ᠵᠠᠰᠠᠭ ᠵᠠᠬᠢᠷᠭᠠᠨ ᠤ ᠰᠢᠢᠳᠬᠡᠯ ᠢ | ᠬᠡᠷᠡᠭᠵᠢᠭᠦᠯᠬᠦ ᠳᠤ ᠪᠠᠨ ᠲᠤᠬᠠᠢ ᠶᠢᠨ ᠬᠥᠮᠦᠨ ᠢ | ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢ ᠨᠢ ᠵᠠᠯᠠᠷᠠᠭᠤᠯᠤᠭᠤᠯᠬᠤ ᠪᠤᠶᠤ ᠬᠤᠭᠤᠴᠠᠭ᠎ᠠ | ᠲᠣᠭᠲᠠᠭᠠᠨ ᠵᠠᠯᠠᠷᠠᠭᠤᠯᠤᠭᠤᠯᠬᠤ ᠬᠡᠷᠡᠭᠲᠡᠢ ᠃ ᠲᠤᠬᠠᠢ ᠶᠢᠨ | ᠬᠥᠮᠦᠨ ᠨᠢ ᠬᠠᠤᠯᠢ ᠶᠢ ᠵᠥᠷᠢᠴᠡᠵᠦ ᠣᠯᠤᠭᠰᠠᠨ ᠣᠯᠵᠠ | ᠠᠰᠢᠭ ᠲᠠᠢ ᠪᠠᠶᠢᠪᠠᠯ᠂ ᠬᠠᠤᠯᠢ ᠶᠣᠰᠣᠭᠠᠷ ᠪᠤᠴᠠᠭᠠᠵᠤ ᠥᠭᠬᠦ ᠪᠠ | ᠲᠦᠯᠦᠬᠦ ᠶᠣᠰᠣᠲᠠᠢ ᠠᠴᠠ ᠪᠤᠰᠤᠳ ᠢ ᠨᠢ ᠬᠤᠷᠢᠶᠠᠨ ᠠᠪᠬᠤ | ᠬᠡᠷᠡᠭᠲᠡᠢ 》 ᠭᠡᠵᠦ ᠵᠠᠰᠠᠪᠠ ᠃ ᠭᠤᠷᠪᠠ ᠳᠤ᠂ ᠢᠲᠡᠭᠡᠮᠵᠢ ᠶᠢᠨ | ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠲᠠᠢ | ᠵᠣᠯᠭᠠᠭᠤᠯᠵᠤ᠂ 《 ᠠᠷᠭ᠎ᠠ 》 ᠶᠢᠨ ᠬᠤᠷᠢᠨ ᠨᠠᠶᠮᠠᠳᠤᠭᠠᠷ ᠵᠦᠶᠯ | ᠳᠤ ᠬᠢ《 ᠬᠠᠤᠯᠢ ᠶᠣᠰᠣᠭᠠᠷ ᠰᠣᠶᠣᠯ ᠤᠨ ᠵᠠᠬ᠎ᠠ | ᠳᠡᠯᠭᠡᠭᠦᠷ ᠤᠨ ᠬᠠᠷ᠎ᠠ ᠲᠠᠩᠰᠠ ᠳᠤ ᠣᠷᠣᠭᠤᠯᠬᠤ 》 ᠶᠢ 《 | ᠬᠦᠨᠳᠦ ᠨᠣᠴᠢᠲᠠᠶ ᠢᠲᠡᠭᠡᠮᠵᠢ ᠠᠯᠳᠠᠭᠰᠠᠨ ᠭᠤᠤᠯ ᠴᠣᠭᠴᠠ ᠶᠢᠨ | ᠪᠠᠶᠢᠳᠠᠯ ᠳᠤ ᠨᠡᠶᠢᠴᠡᠪᠡᠯ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ ᠮᠠᠭᠠᠳᠯᠠᠨ ᠲᠣᠭᠲᠠᠭᠠᠬᠤ ᠶᠢᠨ ᠬᠠᠮᠲᠤ ᠵᠣᠬᠢᠬᠤ | ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ 》 ᠭᠡᠵᠦ ᠵᠠᠰᠠᠪᠠ ᠃ | | | |