ᠣᠷᠳᠣᠰ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠴᠢᠩᠭ᠎ᠠ ᠬᠢᠨᠠᠨ ᠪᠠᠶᠢᠴᠠᠭᠠᠵᠤ ᠡᠶ᠎ᠡ ᠵᠣᠬᠢᠴᠠᠯ ᠢ ᠠᠬᠢᠭᠤᠯᠤᠨ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ
  
2022/6/30
        ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠤᠯᠠᠮ ᠨᠠᠶᠢᠳᠠᠪᠤᠷᠢᠵᠢᠭᠤᠯᠵᠤ ᠂ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠦᠨᠡᠨ ᠬᠦ ᠬᠠᠷᠢᠭᠤᠯᠲᠠ ᠥᠭᠴᠦ᠂ ᠬᠥᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠬᠤ ᠲᠦᠪᠰᠢᠨ ᠢ ᠳᠡᠭᠡᠭᠰᠢᠯᠡᠭᠦᠯᠦᠨ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ ᠳᠤ ᠨᠠᠩ ᠣᠯᠠᠨ᠂ ᠨᠠᠩ ᠰᠠᠶᠢᠨ ᠠᠰᠢᠭ ᠬᠦᠷᠲᠡᠭᠡᠵᠦ᠂ ᠨᠠᠩ ᠡᠶ᠎ᠡ ᠵᠣᠬᠢᠴᠠᠯ ᠲᠠᠢ ᠲᠣᠭᠲᠠᠭᠤᠨ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ᠂ 2022 ᠣᠨ ᠠᠴᠠ ᠡᠬᠢᠯᠡᠨ᠂ ᠣᠷᠳᠣᠰ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠥᠬᠦ ᠬᠤᠲᠠ ᠶᠢᠨ ᠬᠡᠪᠴᠢᠶᠡᠨ ᠳᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠪᠡ᠃          ᠲᠣᠬᠢᠷᠠᠭᠤᠯᠤᠯᠲᠠ ᠶᠢ ᠦᠨᠳᠦᠰᠦᠯᠡᠪᠡᠯ᠂ ᠣᠷᠳᠣᠰ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠤᠶᠢᠰᠢᠳᠠ ᠶᠢᠨ ᠭᠤᠷᠪᠠᠨ ᠵᠢᠯ ᠤᠨ ᠬᠤᠭᠤᠴᠠᠭᠠᠨ ᠳᠤ᠂ ᠬᠥᠳᠡᠯᠮᠦᠷᠢᠴᠢᠳ ᠎ ᠤᠨ ᠲᠤᠰᠬᠠᠯ ᠴᠢᠩᠭ᠎ᠠ᠂ ᠠᠷᠠᠳ ᠣᠯᠠᠨ ᠤ ᠨᠢᠭᠲᠠ ᠠᠩᠬᠠᠷᠴᠤ ᠪᠠᠶᠢᠭ᠎ᠠ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠤᠨ ᠠᠰᠠᠭᠤᠳᠠᠯ ᠳᠤ ᠴᠢᠭᠯᠡᠬᠦᠯᠦᠨ᠂ ᠦᠷ᠎ᠡ ᠪᠦᠲᠦᠮᠵᠢ ᠰᠠᠶᠢᠲᠠᠶ ᠲᠤᠰᠬᠠᠶ ᠵᠠᠰᠠᠯᠲᠠ ᠵᠢᠴᠢ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡ ᠶᠢ ᠦᠷᠨᠢᠬᠦᠯᠵᠦ᠂ ᠬᠥᠮᠦᠨ ᠬᠡᠷᠡᠭᠯᠡᠬᠦ ᠨᠢᠭᠡᠴᠢ ᠶᠢᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠶᠢ ᠬᠦᠲᠥᠯᠬᠦ ᠪᠠ ᠱᠠᠭᠠᠷᠳᠠᠵᠤ᠂ ᠦᠨᠡᠨᠬᠦ ᠬᠠᠷᠢᠭᠤᠴᠠᠯᠭ᠎ᠠ ᠪᠠᠨ ᠭᠦᠢᠴᠡᠳᠭᠡᠨ᠂ ᠨᠡᠶᠢᠭᠡᠮ ᠤᠨ ᠳᠠᠭᠠᠳᠬᠠᠯ᠂ ᠠᠮᠠᠷᠠᠯᠳᠠ᠂ ᠴᠠᠯᠢᠩ ᠥᠭᠬᠦ ᠵᠡᠷᠭᠡ ᠬᠥᠳᠡᠯᠮᠦᠷᠢᠴᠢᠳ ᠤᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠡᠯ᠎ᠡ ᠵᠦᠢᠯ ᠤᠨ ᠲᠣᠭᠲᠠᠭᠠᠯ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠡᠶᠡᠯᠡᠬᠦᠯᠵᠦ᠂ ᠭᠤᠣᠯᠴᠢ᠂ ᠡᠮᠬᠢ ᠵᠢᠷᠤᠮ ᠲᠠᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠴᠤᠭᠴᠠᠯᠠᠨ᠂ ᠬᠥᠳᠡᠯᠮᠦᠷᠢᠴᠢᠳ ᠲᠤ ᠦᠨᠡᠨ ᠬᠦ ᠨᠡᠩ ᠪᠦᠬᠦ ᠲᠠᠯ᠎ᠠ ᠶᠢᠨ᠂ ᠨᠠᠩ ᠰᠢᠯᠢᠳᠡᠭ ᠡᠷᠬᠡ ᠠᠰᠢᠭ ᠢᠶᠠᠨ ᠬᠠᠮᠠᠭᠠᠯᠠᠬᠤ ᠦᠶ᠋ᠯᠡᠴᠢᠯᠡᠭᠡ ᠬᠠᠩᠭᠠᠵᠤ᠂ ᠠᠵᠤ ᠠᠬᠤᠶ ᠨᠡᠶᠢᠭᠡᠮ ᠤᠨ ᠲᠣᠭᠲᠠᠭᠤᠨ᠂ ᠴᠢᠨᠠᠷ ᠰᠠᠶᠢᠲᠠᠶ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ᠃         ᠡᠭᠦᠨ ᠤ ᠬᠠᠮᠲᠤ᠂ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ᠂ ᠠᠵᠢᠯᠴᠢᠨ ᠬᠡᠷᠡᠭᠯᠡᠬᠦ ᠶᠢ ᠵᠢᠯᠣᠭᠤᠳᠬᠤ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ᠂ ᠲᠤᠰᠬᠠᠶ ᠴᠡᠭᠴᠡᠯᠡᠨ ᠵᠠᠰᠠᠬᠤ᠂ ᠴᠠᠯᠢᠩ ᠥᠷᠢᠲᠦᠬᠦ ᠶᠢ ᠵᠠᠰᠠᠬᠤ᠂ ᠡᠷᠬᠡ ᠶᠢ ᠬᠠᠮᠠᠭᠠᠯᠠᠬᠤ ᠦᠢᠯᠡᠴᠢᠯᠡᠭᠡ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠲᠤᠯᠤᠭᠠᠨ ᠶᠡᠭᠡ ᠠᠵᠢᠯᠯᠠᠭ᠎ᠠ ᠶᠢ ᠭᠤᠤᠯᠳᠠᠯᠭ᠎ᠠ ᠲᠠᠢ ᠬᠡᠷᠡᠭᠵᠢᠭᠦᠯᠬᠦ ᠶᠢᠨ ᠬᠠᠮᠲᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠬᠤ᠂ ᠠᠵᠢᠯ ᠲᠥᠷᠥᠯ ᠤᠨ ᠰᠤᠷᠲᠠᠯ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠨᠡᠶᠢᠭᠡᠮ ᠤᠨ ᠬᠢᠨᠠᠯᠲᠠ ᠦᠨᠡᠯᠡᠯᠲᠡ ᠶᠢ ᠬᠦᠯᠢᠶᠡᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃         ᠵᠡᠭᠦᠨᠭᠠᠷ ᠬᠤᠰᠢᠭᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠠᠵᠢᠯᠲᠠᠨ ᠪᠠᠷᠢᠯᠭ᠎ᠠ ᠶᠢᠨ ᠠᠬᠤᠶ ᠲᠠᠯᠠᠪᠠᠶ ᠳᠤ ᠤᠬᠠᠭᠤᠯᠭ᠎ᠠ ᠶᠢᠨ ᠵᠠᠷᠯᠠᠯ ᠨᠠᠭᠠᠵᠤ ᠪᠠᠶᠢᠭ᠎ᠠ ᠨᠢ ( ᠢᠷᠡᠯᠲᠡ᠄ ᠵᠡᠭᠦᠨᠭᠠᠷ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ )        ᠣᠳᠣᠬᠠᠨ ᠳᠤ᠂ ᠣᠷᠳᠣᠰ ᠬᠤᠲᠠ ᠶᠢᠨ ᠬᠡᠪᠴᠢᠶᠡᠨ ᠳᠤ ᠬᠤᠳᠠᠯᠳᠤᠭᠠᠨ ᠤ ᠲᠠᠯᠠᠪᠤᠷ ᠤᠨ ᠬᠡᠲᠦ ᠳᠡᠯᠭᠡᠭᠦᠷ᠂ ᠬᠤᠨᠤᠭ ᠢᠳᠡᠭᠡᠨ ᠤᠮᠳᠠᠭᠠᠨ ᠤ ᠠᠵᠢᠯ ᠲᠥᠷᠥᠯ ᠵᠡᠷᠭᠡ ᠠᠵᠢᠯᠴᠢᠨ ᠬᠡᠷᠡᠭᠯᠡᠬᠦ ᠨᠢᠭᠲᠠᠷᠠᠭᠰᠠᠨ ᠬᠡᠯᠪᠡᠷᠢ ᠶᠢᠨ ᠨᠢᠭᠡᠴᠢ ᠶᠢᠨ《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ 》ᠵᠢᠴᠢ ᠬᠠᠮᠢᠶ᠎ᠠ ᠪᠥᠬᠦᠶ ᠬᠠᠤᠯᠢ ᠲᠣᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠲᠤᠰᠬᠠᠶ ᠪᠠᠶᠢᠴᠠᠭᠠᠯᠲᠠ ᠬᠢᠵᠦ᠂ ᠬᠥᠮᠦᠨ ᠬᠡᠷᠡᠭᠯᠡᠬᠦ ᠨᠢᠭᠡᠴᠢ ᠶᠢᠨ ᠨᠡᠶᠢᠭᠡᠮ ᠤᠨ ᠳᠠᠭᠠᠳᠬᠠᠯ ᠤᠨ ᠳᠡᠩᠰᠡᠯᠡᠨ ᠲᠡᠮᠳᠡᠭᠯᠡᠬᠦ ᠶᠢ ᠭᠦᠢᠴᠡᠳᠭᠡᠭᠰᠡᠨ ᠵᠢᠴᠢ ᠪᠣᠳᠠᠲᠠᠶ ᠬᠥᠮᠦᠨ ᠤ ᠲᠤᠭ᠎ᠠ ᠪᠠᠷ ᠨᠡᠶᠢᠭᠡᠮ ᠤᠨ ᠳᠠᠭᠠᠳᠬᠠᠯ ᠢ ᠭᠤᠶᠤᠴᠢᠯᠠᠨ ᠮᠡᠳᠡᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠱᠠᠭᠠᠷᠳᠠᠪᠠ᠃  ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠪᠠᠶᠢᠩᠭᠤᠵᠢᠭᠤᠯᠤᠨ ᠪᠠᠶᠢᠴᠠᠭᠠᠬᠤ ᠪᠠ ᠣᠷᠬᠢᠭᠳᠠᠭᠤᠯᠤᠯ ᠢ ᠪᠠᠶᠢᠴᠠᠭᠠᠨ ᠨᠥᠬᠦᠪᠥᠷᠢᠯᠡᠬᠦ ᠬᠠᠮᠢᠶᠠᠷᠤᠯᠲᠠ ᠬᠢᠨ᠎ᠠ᠃      
  ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ