ᠸᠠᠩ ᠶᠢᠨ ᠪᠦᠦ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠠᠵᠤ ᠦᠶ᠋ᠯᠡᠰ ᠤᠨ ᠬᠥᠭᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/7/10
        7 ᠰᠠᠷ᠎ᠠ ᠶᠢᠨ 4 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ  ᠬᠦᠭᠡᠨ᠋ᠦ᠋ᠠᠲᠤᠷ ᠪᠠᠯᠭᠠᠰᠤ᠂ ᠪᠠᠶᠠᠨᠪᠤᠯᠠᠭ ᠪᠠᠯᠭᠠᠰᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠠᠵᠤ  ᠤᠶᠢᠯᠡᠰ ᠤᠨ ᠬᠥᠭᠵᠢᠯᠲᠡ ᠵᠡᠷᠭᠡ ᠠᠵᠢᠯ ᠢ ᠪᠠᠶᠢᠴᠠᠭᠠᠨ ᠰᠤᠳᠤᠯᠪᠠ᠃        ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ  ᠬᠤᠰᠢᠭᠤᠨ‌‍ᠲ᠋ᠠᠷᠤᠭ᠎ᠠ  ᠡᠷᠬᠢᠨ᠂ ᠬᠤᠰᠢᠭᠤᠨ ᠤ ᠤᠳᠤᠷᠢᠳᠤᠯᠭ᠎ᠠ ᠠᠯᠲᠠᠨᠪᠤᠯᠠᠭ ᠂ ᠵᠦ  ᠹᠧᠩ᠂ ᠶᠢᠨ ᠳ᠋ᠦᠩ᠂ ᠯᠢ ᠴᠢᠩ ᠯᠠᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠶ᠃ ᠸᠠᠩ ᠶᠢᠨ ᠪᠦᠦ ᠤᠷᠢᠳ ᠬᠤᠵᠢᠳ ᠬᠦᠭᠡᠨ᠋ᠦ᠋ᠠᠲᠤᠷ ᠪᠠᠯᠭᠠᠰᠤ ᠶᠢᠨ ᠭᠤᠸᠠᠩ ᠯᠢᠨ ᠲᠣᠰᠬᠤᠨ᠂ ᠪᠠᠶᠠᠨᠪᠤᠯᠠᠭ ᠪᠠᠯᠭᠠᠰᠤ ᠶᠢᠨ ᠲᠤᠸᠠᠨ ᠵᠢᠶᠧ ᠲᠣᠰᠬᠤᠨ᠂ ᠳ᠋ᠦᠩ ᠱᠧᠩ ᠲᠣᠰᠬᠤᠨ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ᠂ ᠠᠵᠤ ᠦᠢᠯᠡᠰ ᠤᠨ ᠬᠥᠭᠵᠢᠯᠲᠡ ᠵᠡᠷᠭᠡ ᠬᠠᠮᠢᠶ᠎ᠠ ᠪᠦᠬᠦᠢ ᠠᠵᠢᠯ ᠤᠨ ᠪᠠᠶᠢᠳᠠᠯ ᠢ ᠭᠦᠨᠵᠡᠭᠡᠢ ᠣᠶᠢᠯᠠᠭᠠᠪᠠ᠃       ᠸᠠᠩ ᠶᠢᠨ ᠪᠦᠦ ᠱᠠᠭᠠᠷᠳᠠᠭᠰᠠᠨ ᠨᠢ᠂ ᠰᠤᠮᠤ ᠪᠠᠯᠭᠠᠰᠤ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠪᠣᠳᠠᠲᠠᠶ ᠪᠠᠶᠢᠳᠠᠯ ᠳᠠᠭᠠᠨ ᠰᠠᠭᠤᠷᠢᠯᠠᠨ᠂ ᠬᠥᠳᠡᠭᠡ ᠲᠣᠰᠬᠤᠨ ᠤ ᠬᠤᠭ ᠨᠣᠪᠰᠢ ᠶᠢ ᠵᠠᠰᠠᠬᠤ᠂ ᠨᠣᠭᠤᠭᠠᠷᠠᠭᠤᠯᠵᠤ ᠭᠤᠶᠤᠵᠢᠭᠤᠯᠬᠤ᠂ ᠠᠵᠤ  ᠤᠶᠢᠯᠡᠰ ᠢ ᠬᠥᠭᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠠᠷᠭ᠎ᠠ ᠬᠡᠯᠪᠡᠷᠢ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠬᠡᠷ ᠪᠠᠶᠢᠰᠢᠩ ᠤᠨ ᠠᠷᠤ ᠲᠠᠯ᠎ᠠ ᠶᠢᠨ ᠠᠮᠢᠳᠤᠷᠠᠯ ᠤᠨ ᠬᠤᠭ ᠨᠣᠪᠰᠢ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠣᠰᠬᠤᠨ ᠳᠤᠭᠤᠶᠢᠯᠠᠩ ᠢ ᠨᠣᠭᠤᠭᠠᠷᠠᠭᠤᠯᠵᠤ ᠭᠤᠶᠤᠵᠢᠭᠤᠯᠬᠤ ᠳᠤ ᠬᠥᠳᠡᠭᠡ ᠲᠣᠰᠬᠤᠨ ᠤ ᠣᠨᠴᠠᠯᠢᠭ ᠲᠠᠢ ᠳᠦᠷᠰᠦ ᠪᠠᠶᠢᠳᠠᠯ ᠢ ᠲᠤᠪᠤᠶᠢᠯᠭᠠᠵᠦ᠂ ᠲᠣᠰᠬᠤᠨ ᠤ ᠵᠠᠮ ᠵᠢᠴᠢ ᠭᠤᠳᠤᠮᠵᠢ ᠶᠢᠨ ᠵᠠᠮ ᠢ ᠨᠣᠭᠤᠭᠠᠷᠠᠭᠤᠯᠬᠤ ᠳᠤ ᠲᠣᠬᠢᠷᠠᠮᠵᠢᠲᠠᠢ ᠮᠣᠳᠣᠨ ᠤ ᠲᠦᠷᠦᠯ ᠪᠠ ᠡᠪᠡᠰᠦᠨ ᠦᠷ᠎ᠡ ᠶᠢ ᠰᠣᠩᠭᠤᠬᠤ ᠬᠡᠷᠡᠭᠲᠡᠢ᠃ ᠭᠡᠷ ᠪᠠᠶᠢᠰᠢᠩ ᠢ ᠭᠤᠶᠤᠵᠢᠭᠤᠯᠬᠤ ᠳᠠᠭᠠᠨ ᠬᠥᠳᠡᠭᠡ ᠲᠣᠰᠬᠤᠨ ᠲᠠᠢ ᠵᠣᠬᠢᠴᠠᠯᠳᠤᠭᠤᠯᠵᠤ᠂ ᠥᠪᠡᠷᠮᠢᠴᠡ ᠣᠨᠴᠠᠯᠢᠭ ᠲᠠᠢ ᠦᠵᠡᠮᠵᠢ ᠶᠢᠨ ᠣᠷᠣᠨ ᠢ ᠪᠠᠶᠢᠭᠤᠯᠬᠤ ᠬᠡᠷᠡᠭᠲᠡᠶ᠃ ᠡᠭᠦᠨ ᠤ ᠬᠠᠮᠲᠤ᠂ ᠨᠢᠭᠡ ᠪᠦᠯᠦᠭ ᠲᠤᠷᠰᠢᠯᠭ᠎ᠠ ᠠᠷᠭ᠎ᠠ ᠶᠢ ᠴᠠᠭ ᠲᠤᠬᠠᠶ ᠳᠤᠨᠢ ᠠᠭᠤᠳᠠᠯᠤᠨ ᠳ᠋ᠦᠩᠨᠡᠵᠦ ᠪᠣᠯᠪᠠᠰᠤᠷᠠᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠲᠣᠰᠬᠤᠨ ᠤ ᠳᠦᠷᠰᠦ ᠪᠠᠶᠢᠳᠠᠯ᠂ ᠡᠷᠦᠬᠡ ᠶᠢᠨ ᠳᠦᠷᠰᠦ ᠪᠠᠶᠢᠳᠠᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠭᠠᠴᠠᠭ᠎ᠠ ᠳᠤᠭᠤᠶᠢᠯᠠᠩ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠦᠬᠦᠭᠡᠷᠦᠮᠵᠢᠲᠦ ᠲᠠᠷᠢᠶᠠᠯᠠᠩ ᠪᠠ ᠰᠣᠳᠣᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠪᠤᠶᠢᠵᠢᠭᠤᠯᠤᠨ ᠡᠭᠦᠳᠬᠦ ᠬᠡᠷᠡᠭᠲᠡᠢ᠃ ᠬᠥᠳᠡᠭᠡ ᠠᠵᠤ ᠠᠬᠤᠢ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠭᠦᠨᠵᠡᠭᠡᠢ ᠳᠡᠯᠭᠡᠷᠡᠭᠦᠯᠵᠦ᠂ ᠮᠠᠯᠴᠢᠨ ᠲᠠᠷᠢᠶᠠᠴᠢᠨ ᠳᠤ ᠨᠡᠩ ᠤᠯᠠᠨ ᠠᠵᠤ ᠦᠢᠯᠡᠰ ᠤᠨ ᠠᠰᠢᠭ ᠲᠤᠰᠠ ᠶᠢ ᠡᠳ᠋ᠯᠡᠭᠦᠯᠬᠦ ᠬᠡᠷᠡᠭᠲᠡᠢ᠃                                               ᠰᠤᠷᠪᠤᠯᠵᠢᠯᠠᠭᠴᠢ᠄  ᠤᠯᠠᠭᠠᠨ ᠯᠢᠦ ᠬᠤᠸᠠᠨ                                          ᠤᠶᠢᠯᠡᠲᠦᠭᠴᠢ᠄ ᠤᠶᠤᠠᠲᠠᠨ᠎ᠠ                                          ᠬᠢᠨᠠᠭᠴᠢ᠄ ᠪᠤᠤ ᠤᠯᠠᠭᠠᠨ
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ