ᠤᠷᠠᠳ ᠤᠨ ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠠᠷᠠᠳ ᠤᠨ ᠲᠦᠯᠦᠬᠡᠯᠡᠭᠴᠢᠳ  ᠤᠨ ᠶᠡᠭᠡ ᠬᠤᠷᠠᠯ ᠤᠨ ᠲᠦᠯᠦᠭᠡᠯᠡᠭᠴᠢ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠳᠤ  ᠬᠦᠴᠦᠨ  ᠨᠡᠮᠡᠷᠢᠯᠤᠨᠠᠮ》  ᠬᠡᠬᠦ ᠲᠤᠬᠠᠢ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/7/12
 ᠪᠥᠬᠦ ᠬᠤᠰᠢᠭᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢ᠄         ᠡᠨᠡ ᠵᠢᠯ ᠤᠨ ᠬᠠᠪᠤᠷ ᠠᠴᠠ ᠨᠠᠰᠢ᠂ ᠮᠠᠨ ᠤ ᠬᠤᠰᠢᠭᠤᠨ ᠳᠤ ᠶᠡᠭᠡ ᠰᠠᠯᠬᠢ ᠡᠯᠡᠰᠦᠨ ᠰᠢᠭᠤᠷᠭ᠎ᠠ ᠲᠠᠢ ᠠᠭᠤᠷ ᠠᠮᠢᠰᠬᠤᠯ ᠣᠯᠠᠨᠲᠠ ᠡᠭᠦᠰᠴᠦ᠂ ᠬᠥᠷᠥᠰᠥ ᠰᠢᠷᠣᠶ ᠠᠳᠡᠷᠰᠢᠵᠤ᠂ ᠡᠪᠡᠰᠤ ᠪᠡᠯᠴᠢᠭᠡᠷ ᠤᠨ ᠭᠠᠩᠳᠠᠯ ᠬᠡᠴᠤᠳᠠᠵᠠᠢ᠃ ᠵᠤᠨ ᠤ ᠠᠭᠠᠬᠢᠮ᠎ᠠ ᠬᠠᠯᠠᠭᠤᠨ ᠠᠭᠤᠷ ᠠᠮᠢᠰᠬᠤᠯ ᠤᠨ ᠨᠥᠯᠥᠭᠡᠯᠡᠯ ᠢᠶᠠᠷ ᠪᠦᠭᠦ ᠬᠤᠰᠢᠭᠤᠨ ᠤ ᠠᠭᠠᠷ ᠤᠨ ᠳᠤᠯᠠᠭᠠᠨ ᠶᠡᠬᠡᠪᠡᠷ ᠳᠡᠭᠡᠭᠰᠢᠯᠡᠵᠦ᠂ ᠬᠠᠮᠤᠭ ᠥᠨᠳᠥᠷ ᠠᠭᠠᠷ ᠤᠨ ᠳᠤᠯᠠᠭᠠᠨ 40℃ ᠠᠴᠠ ᠳᠡᠭᠡᠭᠰᠢ ᠪᠤᠯᠵᠤ᠂ ᠭᠠᠩ ᠬᠠᠭᠰᠠᠷᠠᠭᠠᠨ ᠤ ᠪᠠᠶᠢᠳᠠᠯ ᠢ ᠤᠯᠠᠮ ᠬᠡᠴᠡᠭᠦᠳᠡᠭᠦᠯᠵᠦ᠂ ᠪᠦᠭᠦ ᠬᠤᠰᠢᠭᠤᠨ ᠤ ᠮᠠᠯ ᠠᠵᠤ ᠠᠬᠤᠶ ᠶᠢᠨ ᠬᠡᠪ ᠤᠨ ᠦᠢᠯᠡᠳᠪᠦᠷᠢᠯᠡᠯ ᠢ ᠰᠢᠭᠤᠳ ᠨᠥᠯᠥᠭᠡᠯᠡᠵᠡᠶ᠃ ᠣᠶᠢᠷ᠎ᠠ ᠶᠢᠨ ᠬᠤᠭᠤᠴᠠᠭᠠᠨ ᠳᠤ ᠪᠥᠬᠦ ᠬᠤᠰᠢᠭᠤᠨ ᠤ ᠬᠢᠯᠢ ᠳᠣᠲᠣᠷ᠎ᠠ ᠬᠡᠳᠤ ᠤᠳᠠᠭ᠎ᠠ ᠶᠢᠨ ᠢᠯᠡᠷᠬᠡᠶ ᠪᠣᠷᠣᠭᠠᠨ ᠣᠷᠣᠵᠤ᠂ ᠪᠦᠷᠬᠦᠴᠡ ᠶᠢᠨ ᠬᠡᠪᠴᠢᠶ᠎ᠡ ᠨᠢ ᠨᠡᠯᠢᠶᠡᠳ ᠥᠷᠭᠡᠨ᠂ ᠬᠤᠷ᠎ᠠ ᠲᠣᠨᠣᠳᠠᠰᠤ ᠶᠢᠨ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠬᠡᠰᠡᠭ ᠭᠠᠵᠠᠷ ᠣᠷᠣᠨ ᠤ ᠭᠠᠩ ᠬᠠᠭᠰᠠᠷᠠᠭᠠᠨ ᠤ ᠪᠠᠶᠢᠳᠠᠯ ᠢ ᠪᠦᠲᠦᠮᠵᠢᠲᠡᠶ ᠨᠠᠮᠳᠠᠭᠤᠯᠤᠭᠰᠠᠨ ᠪᠣᠯᠪᠠᠴᠤ ᠬᠢᠯᠢ ᠶᠢᠨ ᠡᠮᠦᠨ᠎ᠡ ᠹᠷᠣᠨᠲ ᠲᠤ ᠮᠡᠳᠡᠭᠳᠡᠮ᠎ᠡ ᠪᠣᠷᠣᠭᠠᠨ ᠤᠷᠤᠭᠰᠠᠨ ᠥᠬᠡᠶ᠂  ᠭᠠᠩ ᠭᠠᠮᠰᠢᠭ ᠮᠥᠨ ᠬᠦ ᠦᠷᠭᠦᠯᠵᠢᠯᠡᠵᠦ ᠪᠠᠶᠢᠨ᠎ᠠ᠃         ᠭᠠᠮᠰᠢᠭ ᠡᠭᠦᠰᠦᠭᠰᠡᠨ ᠤ ᠳᠠᠷᠠᠭ᠎ᠠ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠤ ᠣᠷᠣᠭᠤᠯᠤᠯᠲᠠ ᠪᠠᠨ ᠲᠠᠰᠤᠷᠠᠯᠲᠠ ᠥᠬᠡᠶ ᠨᠡᠮᠡᠭᠳᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠭᠠᠮᠰᠢᠭᠳᠠᠭᠰᠠᠨ ᠣᠯᠠᠨ ᠲᠦᠮᠡᠨ ᠤ ᠬᠤᠬᠢᠷᠠᠯ ᠢ ᠬᠠᠮᠤᠭ ᠤᠨ ᠪᠠᠭ᠎ᠠ ᠬᠡᠮᠵᠢᠶᠡᠨ ᠳᠤ ᠬᠦᠷᠲᠡᠯ᠎ᠡ ᠪᠠᠭᠠᠰᠬᠠᠪᠠ᠃ ᠭᠠᠮᠰᠢᠭᠳᠠᠭᠰᠠᠨ ᠤᠯᠠᠨ ᠲᠦᠮᠡᠨ ᠴᠦ ᠠᠷᠭ᠎ᠠ ᠪᠦᠬᠦᠨ ᠢ ᠰᠦᠪᠡᠭᠴᠢᠯᠡᠨ ᠦᠢᠯᠡᠳᠪᠦᠷᠢᠯᠡᠯ ᠢᠶᠠᠷ ᠥᠪᠡᠷ ᠢ ᠪᠠᠨ ᠲᠡᠩᠬᠡᠷᠡᠭᠦᠯᠬᠦ ᠠᠵᠢᠯ ᠢ ᠵᠣᠬᠢᠶᠠᠨ ᠪᠠᠶᠢᠭᠤᠯᠵᠠᠶ᠃ ᠭᠡᠪᠡᠴᠦ ᠭᠠᠩ ᠤᠨ ᠭᠠᠮᠰᠢᠭ ᠤᠨ ᠬᠡᠪᠴᠢᠶ᠎ᠡ ᠥᠷᠭᠡᠨ ᠪᠣᠯᠬᠤᠷ ᠭᠠᠮᠰᠢᠭᠳᠠᠭᠰᠠᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠮᠥᠨ ᠬᠦ ᠮᠠᠰᠢ ᠣᠯᠠᠨ ᠬᠦᠴᠢᠷᠳᠡᠯ ᠳᠤ ᠲᠤᠯᠭᠠᠷᠠᠵᠤ ᠪᠠᠶᠢᠨ᠎ᠠ᠃         ᠭᠠᠩ ᠭᠠᠮᠰᠢᠭ ᠬᠠᠶᠢᠷ᠎ᠠ ᠨᠠᠶᠢᠷ ᠦᠭᠡᠢ ᠬᠥᠮᠦᠨ ᠤ ᠶᠢᠷᠲᠢᠨᠴᠦ ᠳᠤ ᠬᠠᠶᠢᠷ᠎ᠠ ᠲᠠᠢ︕ ᠨᠠᠮ ᠤᠨ ᠬᠤᠷᠢᠶ᠎ᠠ ᠤᠷᠢᠶᠠᠯᠠᠭ᠎ᠠ ᠭᠠᠷᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠵᠢᠯᠯᠠᠭ᠎ᠠ ᠠᠪᠤᠪᠠᠯ᠂ ᠲᠥᠯᠥᠭᠡᠯᠡᠭᠴᠢᠳ ᠠᠮᠵᠢᠯᠲᠠ ᠪᠦᠲᠦᠭᠡᠯ ᠭᠠᠷᠭᠠᠬᠤ ᠬᠡᠷᠡᠭᠲᠡᠶ᠃ ᠠᠳᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠣᠤᠷᠠᠬᠢ ᠮᠡᠲᠦ ᠰᠠᠨᠠᠭᠠᠴᠢᠯᠠᠭ᠎ᠠ‌ᠭᠠᠷᠭᠠᠪᠠ᠄ ᠪᠦᠬᠦ ᠬᠤᠰᠢᠭᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠮᠳᠠᠳᠤ ᠶᠢᠨ ᠦᠨᠳᠦᠰᠦᠲᠡᠨ ᠤ ︽ᠨᠢᠭᠡ ᠭᠠᠵᠠᠷ ᠬᠦᠴᠢᠷᠳᠡᠯ ᠳᠤ ᠲᠤᠯᠭᠠᠷᠠᠪᠠᠯ᠂  ᠡᠯ᠎ᠠ ᠲᠠᠯ᠎ᠠ  ᠠᠴᠠ ᠳᠡᠮᠵᠢᠬᠦ︾ ᠤᠯᠠᠮᠵᠢᠯᠠᠯᠲᠤ ᠰᠠᠶᠢᠬᠠᠨ ᠰᠤᠷᠲᠠᠯ ᠢ ᠭᠦᠢᠴᠡᠳ ᠪᠠᠳᠠᠷᠠᠭᠤᠯᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠭᠠᠮᠰᠢᠭᠳᠠᠭᠰᠠᠨ ᠤᠯᠠᠨ ᠲᠦᠮᠡᠨ ᠳᠤ ᠲᠤᠰᠠᠯᠠᠮᠵᠢ ᠦᠵᠡᠭᠦᠯᠵᠦ᠂ ᠬᠠᠶᠢᠷ᠎ᠠ ᠰᠡᠳᠬᠢᠯᠭᠡ ᠪᠠᠨ ᠡᠷᠭᠦᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠤᠨ ᠬᠦᠴᠢᠷ ᠢ ᠲᠤᠭᠤᠯᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢ ᠬᠠᠷᠢᠭᠤ ᠳᠤᠰᠬᠠᠯ ᠲᠠᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠣᠩᠭᠤᠵᠤ᠂ ᠪᠢ ᠠᠷᠠᠳ ᠲᠦᠮᠡᠨ ᠤ ᠪᠠᠨ ᠲᠦᠯᠦᠬᠡᠯᠡᠭᠴᠢ ᠪᠤᠯᠬᠤ︾ ᠲᠥᠪ ᠴᠢᠩᠭ᠎ᠠ ᠠᠮᠠᠯᠠᠯᠲᠠ ᠶᠢ  ᠦᠢᠯᠡᠳᠤᠯᠬᠡᠵᠢᠬᠦᠯᠤᠨᠠᠮ᠃                             ᠤᠷᠠᠳ ᠤᠨ ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ                                           2022 ᠣᠨ ᠤ 7 ᠰᠠᠷ᠎ᠠ ᠶᠢᠨ 11  ᠤ ᠡᠳᠤᠷ
ᠢᠷᠡᠯᠲᠡ᠄ ᠲᠤᠰ ᠰᠦᠯᠵᠢᠶ᠎ᠠ