ᠤᠷᠠᠳ ᠤᠨ ᠬᠤᠶᠢᠲᠤ ᠬᠤᠰᠢᠭᠤᠨ ᠤ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠥᠷᠨᠢᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/7/13
            ᠤᠷᠠᠳ ᠬᠤᠶᠢᠳᠤ  ᠰᠡᠷᠬᠡᠶᠢᠯᠠᠨ ᠵᠢᠯᠤᠭᠤᠳᠬᠤ ᠵᠠᠷᠯᠠᠯ 〔2022〕 26 ᠳ᠋ᠤᠭᠠᠷ ᠲᠣᠭᠠᠲᠤ                  ︽ᠭᠠᠳᠠᠨ᠎ᠠ ᠠᠴᠠ  ᠬᠠᠯᠳᠠᠪᠤᠷᠢᠯᠠᠨ ᠣᠷᠣᠭᠤᠯᠬᠤ ᠶᠢ ᠰᠡᠷᠭᠡᠶᠢᠯᠡᠨ᠂ ᠳᠣᠲᠣᠭᠠᠳᠤ  ᠳᠤ ᠪᠠᠨ ᠳᠠᠬᠢᠨ  ᠲᠡᠯᠬᠡᠷᠡᠬᠦ ᠶᠢ ᠰᠡᠷᠭᠡᠶᠢᠯᠡᠬᠦ︾ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠵᠠᠮ ᠢ ᠪᠦᠲᠦᠮᠵᠢᠲᠡᠶ ᠲᠡᠰᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠡᠷᠡᠭᠴᠡᠭᠡ ᠶᠢ ᠦᠨᠳᠦᠰᠦᠯᠡᠨ᠂ ᠬᠤᠰᠢᠭᠤᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ 7 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨᠡᠬᠢ 7᠄ 00 ᠴᠠᠭ ᠠᠴᠠ ᠡᠬᠢᠯᠡᠨ᠂  ᠤᠦ ᠶᠢᠨ ᠭᠤᠤᠯ ᠰᠤᠮᠤ ᠶᠢᠨ ᠪᠠᠶᠠᠨᠲᠠᠯ᠎ᠠ ᠭᠠᠴᠠᠭ᠎ᠠ᠂  ᠬᠦᠬᠡᠨ᠋ᠦ᠋ᠠᠳᠤᠷ ᠭᠠᠴᠠᠭ᠎ᠠ᠂  ᠡᠾᠧ ᠹᠧᠩ ᠲᠣᠰᠬᠤᠨ᠂ ᠪᠠᠶᠠᠨᠨᠠᠭᠤᠷ ᠭᠠᠴᠠᠭ᠎ᠠ᠂  ᠪᠠᠶᠠᠠᠭᠭᠤᠯᠨ ᠭᠠᠴᠠᠭ᠎ᠠ᠂  ᠠᠯᠳᠠᠠᠬᠠᠭᠠᠯᠭ᠎ᠠ ᠭᠠᠴᠠᠭ᠎ᠠ ᠶᠢᠨ ᠠᠭᠤᠯᠠᠨ ᠡᠮᠦᠨᠡᠬᠢ ᠭᠠᠵᠠᠷ ᠣᠷᠣᠨ᠂  ᠪᠠᠶᠠᠠᠴᠢᠠᠳᠠᠮᠤᠨᠢ ᠰᠤᠮᠤ ᠶᠢᠨ ᠥᠯᠵᠡᠶᠢᠲᠦ ᠭᠠᠴᠠᠭ᠎ᠠ᠂ ᠰᠤᠪᠤᠷᠭ᠎ᠠ ᠭᠠᠴᠠᠭ᠎ᠠ᠂ ᠪᠠᠶᠠᠨᠴᠠᠭᠠᠨ ᠭᠠᠴᠠᠭ᠎ᠠ᠂ ᠬᠠᠷᠠᠲᠤ ᠭᠠᠴᠠᠭ᠎ᠠ ᠳᠤ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢᠨ ᠬᠠᠮᠲᠤ ᠳᠡᠭᠡᠷᠡᠬᠢ ᠣᠷᠣᠨ ᠪᠦᠰᠡ ᠳᠤ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄          ᠨᠢᠭᠡ᠂ ᠥᠷᠭᠡᠨ ᠤᠯᠠᠨ ᠰᠠᠭᠤᠭᠠᠯᠢ ᠠᠷᠠᠳ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠣᠷᠣᠯᠴᠠᠨ ᠬᠠᠮᠵᠢᠯᠴᠠᠵᠤ᠂ ᠦᠯᠢᠭᠡᠷ ᠠᠪᠬᠤ ᠴᠢᠬ  ᠤᠨ ᠠᠵᠢᠯᠳᠠᠨ  ᠤ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠠ ᠶᠢ ᠲᠠᠭᠠᠵᠤ᠂ ᠦᠯᠢᠭᠡᠷ ᠠᠪᠬᠤ ᠠᠵᠢᠯ  ᠢ ᠰᠠᠶᠢᠲᠤᠷ ᠬᠢᠬᠦ ᠬᠡᠷᠡᠭᠲᠡᠶ᠃ ᠴᠥᠮ᠎ᠡ ᠶᠢᠨ ᠬᠦᠴᠢᠯ ᠢ ᠪᠠᠶᠢᠴᠠᠭᠠᠨ ᠰᠢᠯᠭᠠᠬᠤ ᠠᠵᠢᠯ ᠳᠤ ᠬᠠᠮᠵᠢᠯᠴᠠᠬᠤ ᠶᠢ ᠲᠡᠪᠴᠢᠭᠰᠡᠨ᠂ ᠳᠡᠮᠵᠢᠬᠦ ᠥᠬᠡᠶ᠂ ᠮᠡᠳᠡᠭᠡ ᠵᠠᠩᠭᠢ ᠶᠢ ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ ᠬᠠᠭᠤᠷᠮᠠᠭᠯᠠᠨ ᠵᠣᠬᠢᠶᠠᠭᠰᠠᠨ᠂ ᠥᠯᠢᠭᠡᠷ ᠠᠪᠬᠤ ᠠᠵᠢᠯ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠬᠥᠮᠦᠰ ᠠᠴᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠵᠣᠬᠢᠴᠠᠩᠭᠤᠶ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃          ᠬᠤᠶᠠᠷ᠂ ᠥᠷᠭᠡᠨ ᠣᠯᠠᠨ ᠰᠠᠭᠤᠭᠠᠯᠢ ᠠᠷᠠᠳ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠨᠣᠮᠧᠷ ᠢᠶᠠᠨ ᠭᠠᠷᠭᠠᠨ ᠦᠵᠡᠭᠦᠯᠵᠦ᠂ ᠭᠠᠷ ᠤᠲᠠᠰᠤ ᠪᠠ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ ᠵᠡᠷᠭᠡ ᠬᠦᠴᠦᠨ ᠪᠥᠬᠦᠶ ᠦᠨᠡᠮᠯᠡᠯ ᠢᠶᠠᠨ ᠠᠪᠴᠤ᠂ ᠠᠵᠢᠯᠲᠠᠨ ᠤ ᠮᠡᠳᠡᠭᠳᠡᠭᠰᠡᠨ ᠴᠠᠭ ᠤᠨ ᠶᠣᠰᠣᠭᠠᠷ᠂ ᠲᠣᠭᠲᠠᠭᠰᠠᠨ ᠥᠯᠢᠭᠡᠷ ᠠᠪᠬᠤ ᠴᠡᠭ ᠲᠤ ᠡᠮᠬᠢ ᠵᠢᠷᠤᠮ ᠲᠠᠢ ᠪᠠᠷ ᠬᠦᠷᠴᠦ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ ᠬᠡᠷᠡᠭᠲᠡᠶ︔ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠦᠭᠰᠡᠨ ᠬᠥᠮᠦᠰ ᠪᠠᠶᠢᠴᠠᠭᠠᠨ  ᠬᠡᠮᠵᠢᠭᠰᠡᠨ ᠦᠷ᠎ᠡ ᠳ᠋ᠦᠩ ᠢᠶᠠᠨ ᠭᠠᠷᠭᠠᠬᠤ ᠠᠴᠠ ᠡᠮᠦᠨ᠎ᠡ ᠵᠠᠷᠴᠢᠮ ᠳᠡᠭᠡᠷ᠎ᠡ ᠪᠠᠨ  ᠭᠠᠳᠠᠬᠰᠢ ᠭᠠᠷᠬᠤ ᠶᠢ ᠴᠠᠭᠠᠵᠠᠯᠠᠨ᠎ᠠ᠃          ᠭᠤᠷᠪᠠ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ᠂ ᠭᠠᠴᠠᠭ᠎ᠠ ︵ᠲᠣᠰᠬᠤᠨ︶ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠲᠤᠬᠠᠶ ᠳᠤᠨᠢ ᠮᠡᠳᠡᠭᠳᠡᠵᠦ᠂ ᠵᠣᠬᠢᠶᠠᠨ ᠪᠠᠶᠢᠭᠤᠯᠤᠨ᠂ ᠳᠠᠶᠢᠴᠢᠯᠠᠵᠤ ᠪᠠᠶᠢᠭᠠᠳ ᠲᠣᠰ ᠬᠠᠷᠢᠶ᠎ᠠ ᠣᠷᠣᠨ ᠤ ᠰᠠᠭᠤᠭᠠᠯᠢ ᠠᠷᠠᠳ ᠢ ᠴᠠᠭ ᠬᠤᠭᠤᠴᠠᠭ᠎ᠠ ᠬᠤᠪᠢᠶᠠᠨ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠶ ᠪᠠᠷ ᠥᠯᠢᠭᠡᠷ ᠠᠪᠬᠤ ᠴᠢᠬ ᠲᠤ ᠬᠦᠷᠴᠦ ᠪᠥᠭᠡᠮ ᠬᠦᠴᠢᠯ ᠤᠨ ᠥᠯᠢᠭᠡᠷ ᠠᠪᠬᠤ ᠬᠡᠷᠡᠭᠲᠡᠶ᠃          ᠳᠥᠷᠪᠡ᠂ 48 ᠴᠠᠭ ᠤᠨ ᠳᠣᠲᠣᠷ᠎ᠠ ᠰᠢᠨ᠎ᠡ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠬᠢᠭᠰᠡᠨ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠠᠵᠢᠯᠲᠠᠳ ᠲᠤ ᠲᠠᠷᠢᠯᠭ᠎ᠠ ᠶᠢᠨ ᠭᠡᠷᠡᠴᠢ ᠪᠠᠨ ᠦᠵᠡᠭᠦᠯᠵᠦ᠂ ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠥᠬᠡᠶ᠃          ᠲᠠᠪᠤ᠂ ᠥᠷᠭᠡᠨ ᠣᠯᠠᠨ ᠰᠠᠭᠤᠭᠠᠯᠢ ᠠᠷᠠᠳ ᠤᠬᠠᠮᠰᠠᠷ ᠠᠴᠠ ᠪᠠᠨ ᠦᠯᠢᠭᠡᠷ ᠠᠪᠬᠤ ᠬᠤᠭᠤᠴᠠᠭᠠᠨ ᠳᠠᠬᠢ ᠦᠯᠢᠭᠡᠷ ᠠᠪᠬᠤ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠵᠢᠷᠤᠮᠯᠠᠨ ᠰᠠᠬᠢᠵᠤ᠂ ᠦᠨᠡᠨ ᠨᠡᠷ᠎ᠡ ᠪᠠᠷ ᠢᠶᠠᠨ ᠡᠷᠡᠭᠦᠯ ᠮᠡᠨᠳᠦ ᠶᠢᠨ ᠺᠣᠳ᠋ ᠪᠤᠶᠤ ᠤᠷᠢᠳᠴᠢᠯᠠᠨ ᠲᠡᠮᠳᠡᠭᠯᠡᠬᠦ ᠺᠣᠳ᠋ ᠢ ᠭᠤᠶᠤᠴᠢᠯᠠᠨ ᠠᠪᠤᠪᠠᠯ᠂ ᠪᠣᠶ ᠪᠣᠯᠤᠭᠰᠠᠨ ︽ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠤᠷᠢᠳᠴᠢᠯᠠᠨ ᠲᠡᠮᠳᠡᠭᠯᠡᠬᠦ︾ ᠬᠤᠶᠠᠷ ᠬᠡᠮᠵᠢᠯᠳᠦ ᠺᠣᠳ᠋ ᠪᠤᠶᠤ ᠡᠷᠡᠭᠦᠯ ᠮᠡᠨᠳᠦ ᠶᠢᠨ ᠺᠣᠳ᠋ ᠤᠨ ᠳᠡᠯᠭᠡᠴᠡ ᠶᠢ ᠭᠠᠷ ᠤᠲᠠᠰᠤᠨ ᠤ ᠬᠡᠷᠡᠯ ᠵᠢᠷᠤᠭ ᠤᠨ ᠳᠡᠪᠲᠡᠷ ᠲᠤ ᠬᠠᠳᠠᠭᠠᠯᠠᠵᠤ᠂ ︽ᠠᠮᠠᠪᠴᠢ᠂ ᠨᠢᠭᠡ  ᠮᠧᠲᠷ ᠤᠨ ᠱᠤᠭᠤᠮ ︾ ᠵᠡᠷᠭᠡ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂  ᠴᠤᠬᠯᠠᠷᠠᠬᠤ ᠥᠬᠡᠶ᠂ ᠪᠥᠭᠡᠮᠨᠡᠷᠡᠬᠦ ᠥᠬᠡᠶ᠂ ᠰᠣᠯᠢᠯᠴᠠᠬᠤ ᠥᠬᠡᠶ ᠪᠠᠶᠢᠵᠤ᠂ ᠥᠯᠢᠭᠡᠷ ᠠᠪᠴᠤ ᠪᠠᠷᠠᠭᠰᠠᠨ ᠤ ᠳᠠᠷᠠᠭ᠎ᠠ ᠳᠠᠷᠦ᠋ᠢᠬᠠᠨ ᠥᠯᠢᠭᠡᠷ ᠠᠪᠬᠤ ᠴᠡᠭ ᠠᠴᠠ ᠰᠠᠯᠵᠤ ᠪᠣᠯᠤᠨ᠎ᠠ᠃ ᠨᠠᠮ ᠤᠨ ᠭᠡᠰᠢᠭᠦᠨ ᠺᠠᠳ᠋ᠷᠴᠤᠳ ᠦᠯᠢᠭᠡᠷ ᠠᠪᠬᠤ ᠬᠤᠭᠤᠴᠠᠭᠠᠨ ᠳᠠᠬᠢ ᠵᠣᠬᠢᠶᠠᠨ ᠪᠠᠶᠢᠭᠤᠯᠬᠤ ᠪᠠ ᠳᠠᠶᠢᠴᠢᠯᠠᠬᠤ ᠠᠵᠢᠯ ᠳᠤ ᠲᠦᠷᠦᠭᠦᠯᠡᠨ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠣᠷᠣᠯᠴᠠᠵᠤ᠂ ᠪᠥᠭᠡᠮ ᠬᠦᠴᠢᠯ ᠢ ᠰᠢᠯᠭᠠᠨ ᠪᠠᠶᠢᠴᠠᠭᠠᠵᠤ ᠦᠯᠢᠭᠡᠷ ᠠᠪᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠲᠤᠯᠠᠬᠤ ᠬᠡᠷᠡᠭᠲᠡᠶ᠃           ᠵᠢᠷᠭᠤᠭ᠎ᠠ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠬᠤᠭᠤᠴᠠᠭᠠᠨ ᠳᠤ᠂ ᠥᠨᠳᠥᠷ ᠨᠠᠰᠤᠲᠠᠶ ᠨᠠᠰᠤᠲᠠᠨ᠂ ᠨᠢᠯᠬ᠎ᠠ ᠬᠡᠤᠬᠡᠳ᠂ ᠵᠡᠮᠳᠡᠭ ᠬᠥᠮᠦᠰ ᠵᠡᠷᠭᠡ ᠣᠨᠴᠣᠭᠤᠶ ᠬᠦᠴᠢᠷᠳᠡᠯ ᠲᠠᠢ ᠰᠠᠭᠤᠭᠠᠯᠢ ᠠᠷᠠᠳ ᠤᠨ ᠪᠠᠶᠢᠭ᠎ᠠ ᠭᠠᠴᠠᠭ᠎ᠠ ᠳᠤ ᠰᠠᠨᠠᠭᠠᠴᠢᠯᠠᠭ᠎ᠠ ᠠᠴᠠ ᠪᠠᠨ ᠮᠡᠳᠡᠭᠳᠡᠵᠦ᠂ ᠠᠵᠢᠯᠲᠠᠨ ᠤ ᠬᠡᠷ ᠲᠤᠨᠢ ᠬᠦᠷᠴᠦ ᠥᠯᠢᠭᠡᠷ ᠠᠪᠬᠤ ᠶᠢ ᠬᠦᠯᠢᠶᠡᠬᠦ ᠬᠡᠷᠡᠭᠲᠡᠶ᠃            ᠳᠣᠯᠤᠭ᠎ᠠ᠂ ᠪᠥᠭᠡᠮ ᠬᠦᠴᠢᠯ ᠤᠨ ᠥᠯᠢᠭᠡᠷ ᠠᠪᠤᠭᠰᠠᠨ ᠦᠷ᠎ᠡ ᠳ᠋ᠦᠩ ᠢ ᠸᠢᠴᠠᠲ ᠢᠶᠠᠷ ︽ᠪᠠᠶᠠᠨᠨᠠᠭᠤᠷ ᠤᠨ ᠡᠷᠡᠭᠦᠯ ᠮᠡᠨᠳᠦ ᠶᠢ  ᠡᠳ᠋ᠯᠠᠬᠦ︾ ᠭᠡᠬᠦ ᠵᠢᠵᠢᠭ ᠫᠷᠤᠭ᠍ᠷᠠᠮ ᠢᠶᠠᠷ ᠪᠠᠶᠢᠴᠠᠭᠠᠨ ᠯᠠᠪᠯᠠᠵᠤ ᠪᠣᠯᠤᠨ᠎ᠠ᠂ ᠴᠠᠭᠠᠰᠤᠨ ᠮᠡᠳᠡᠭᠦᠯᠦᠯᠲᠡ ᠠᠪᠬᠤ ᠴᠢᠬᠤᠯᠠ ᠥᠬᠡᠶ᠃            ᠨᠡᠢᠮᠨ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠬᠤᠭᠤᠴᠠᠭᠠᠨ ᠳᠤ᠂ ᠪᠠᠶᠢᠴᠠᠭᠠᠨ  ᠬᠡᠮᠵᠢᠬᠦ ᠣᠷᠣᠨ ᠪᠦᠰᠡ ᠳᠤ ᠲᠣᠭᠲᠠᠩᠭᠤᠶ ᠬᠠᠮᠢᠶᠠᠷᠤᠯᠲᠠ ᠶᠢ ᠬᠡᠷᠡᠭᠵᠢᠭᠦᠯᠵᠦ᠂ ᠪᠠᠶᠢᠴᠠᠭᠠᠨ  ᠬᠡᠮᠵᠢᠬᠦ ᠣᠷᠣᠨ ᠪᠦᠰᠡ ᠶᠢᠨ ᠳᠣᠲᠣᠷᠠᠬᠢ ᠪᠣᠶ ᠪᠥᠬᠦᠶ ᠵᠠᠮ ᠪᠠ ᠭᠠᠴᠠᠭ᠎ᠠ ︵ᠲᠣᠰᠬᠤᠨ︶ ᠶᠢᠨ ᠣᠷᠣᠵᠤ ᠭᠠᠷᠬᠤ ᠭᠠᠵᠠᠷ ᠲᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠬᠤᠰᠢᠭᠤᠨ  ᠤ ᠵᠢᠯᠣᠭᠤᠳᠬᠤ ᠭᠠᠵᠠᠷ ᠤᠨ ᠵᠥᠪᠰᠢᠶᠡᠷᠡᠯ ᠥᠬᠡᠶ ᠪᠠᠷ ᠶᠠᠮᠠᠷᠪᠠ ᠲᠡᠷᠭᠡ ᠬᠥᠰᠬᠡ᠂ ᠬᠥᠮᠦᠨ ᠣᠷᠣᠵᠤ ᠭᠠᠷᠴᠤ ᠪᠣᠯᠬᠤ ᠥᠬᠡᠶ᠃           ᠥᠷᠭᠡᠨ ᠤᠯᠠᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠶᠡᠬᠡᠪᠡᠷ ᠳᠡᠮᠵᠢᠵᠦ ᠬᠠᠮᠵᠢᠯᠴᠠᠭᠰᠠᠨ ᠳᠤ ᠲᠠᠯᠠᠷᠬᠠᠵᠤ ᠪᠠᠶᠢᠨ᠎ᠠ︕ ᠲᠠᠨ ᠳᠤ ᠶᠠᠷᠰᠢᠭ ᠪᠣᠯᠤᠭᠰᠠᠨ ᠢ ᠠᠭᠤᠴᠢᠯᠠᠬᠤ ᠪᠣᠯᠪᠠᠤ᠃                         ᠤᠷᠠᠳ ᠤᠨ ᠬᠤᠶᠢᠲᠤ ᠬᠤᠰᠢᠭᠤᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                            2022 ᠣᠨ ᠤ 7 ᠰᠠᠷ᠎ᠠ ᠶᠢᠨ 10  ᠤ ᠡᠳᠤᠷ 
ᠢᠷᠡᠯᠲᠡ᠄ ᠲᠤᠰ ᠰᠦᠯᠵᠢᠶ᠎ᠠ