2022 ᠣᠨ ᠤ ᠤᠷᠠᠳ ᠤᠨ ᠬᠤᠶᠢᠲᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠰᠣᠷᠣᠭᠴᠢ ᠡᠯᠰᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ
ᠨᠡᠶᠢᠲᠡᠯᠡᠭᠰᠡᠨ ᠴᠠᠭ᠄
2022/7/18
         ᠪᠦᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠲᠦᠷᠢᠮᠵᠢᠬᠦᠯᠬᠦ ᠶᠢᠨ ᠲᠦᠯᠤᠬᠡ᠂  ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ  ᠬᠠᠤᠯᠢ》 ᠵᠡᠷᠬᠡ‌ᠬᠠᠤᠯᠢ ᠴᠠᠭᠠᠵᠠ ᠬᠠᠤᠯᠢ ᠲᠣᠭᠲᠠᠭᠠᠯ ᠪᠠ ᠰᠤᠷᠭᠠᠨ ᠬᠥᠮᠦᠵᠢᠯ ᠤᠨ ᠶᠠᠮᠤᠨ᠂ ᠰᠤᠷᠭᠠᠨ ᠬᠥᠮᠦᠵᠢᠯ ᠤᠨ ᠲᠢᠩᠬᠢᠮ ᠵᠢᠴᠢ ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽2022 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠪᠠ ᠰᠤᠷᠭᠠᠭᠤᠯᠢ ᠳᠤ ᠣᠷᠣᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠪᠠᠶᠠᠨᠨᠠᠭᠤᠷ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠪᠠ ᠰᠤᠷᠭᠠᠭᠤᠯᠢ ᠳᠤ ᠣᠷᠣᠭᠤᠯᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ︵ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠪᠠ ᠰᠤᠷᠭᠠᠭᠤᠯᠢ ᠳᠤ ᠣᠷᠣᠭᠤᠯᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︶ ︵ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠪᠠ ᠰᠤᠷᠭᠠᠭᠤᠯᠢ ᠳᠤ ᠣᠷᠣᠭᠤᠯᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠢ ᠦᠨᠳᠤᠰᠤᠯᠠᠨ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂  ᠰᠤᠷᠭᠠᠨ ᠬᠦᠮᠤᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠰᠤᠳᠤᠯᠤᠯᠲᠠ ᠪᠠᠷ ᠳᠡᠮᠵᠢᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃          ᠨᠢᠭᠡ᠂ ᠠᠵᠢᠯ ᠤᠨ ᠬᠠᠷᠠᠯᠲᠠ         ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠪᠠᠷ ᠦᠨᠳᠦᠰᠦᠯᠡᠯ ᠪᠣᠯᠭᠠᠨ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠦᠨᠡᠨᠬᠦ ᠬᠠᠮᠠᠭᠠᠯᠠᠬᠤ ᠪᠠᠷ ᠪᠠᠷᠢᠮᠵᠢᠶ᠎ᠠ ᠪᠣᠯᠭᠠᠵᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠡᠷᠭᠢᠯᠡᠬᠦ ᠪᠠᠷ ᠬᠠᠷᠠᠯᠲᠠ ᠪᠣᠯᠭᠠᠨ᠂ ᠮᠠᠨ ᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠠᠵᠢᠯ ᠢ ᠵᠦᠶ ᠵᠣᠬᠢᠰᠲᠠᠶ ᠡᠮᠬᠢ ᠵᠢᠷᠤᠮ ᠲᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃         ᠬᠤᠶᠠᠷ᠂ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ         1. ᠤᠯᠤᠰ᠂ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠶᠢᠨ ᠦᠷᠡᠵᠢᠯ ᠤᠨ ᠲᠥᠷᠥ ᠶᠢᠨ ᠪᠣᠳᠣᠯᠭ᠎ᠠ ᠶᠢ  ᠬᠦᠢᠴᠡᠳ ᠳᠡᠮᠵᠢᠵᠦ᠂ ᠬᠤᠶᠠᠷ ᠬᠡᠤᠬᠡᠳ᠂ ᠭᠤᠷᠪᠠᠨ ᠬᠡᠤᠬᠡᠳ  ᠲᠠᠢ  ᠬᠡᠷ ᠪᠦᠯᠢ ᠶᠢᠨ ᠬᠡᠤᠬᠡᠳ ᠰᠤᠷᠭᠠᠭᠤᠯᠢ ᠳᠤ ᠣᠷᠣᠬᠤ ᠳᠤ ᠵᠣᠬᠢᠰᠲᠠᠶ ᠬᠠᠷᠠᠭᠠᠯᠵᠠᠯ ᠦᠵᠡᠭᠦᠯᠵᠦ᠂ ᠵᠠᠷᠴᠢᠮ ᠳᠡᠭᠡᠷ᠎ᠡ ᠪᠠᠨ ᠬᠤᠶᠠᠷ ᠬᠡᠤᠬᠡᠳ᠂ ᠭᠤᠷᠪᠠᠨ ᠬᠡᠤᠬᠡᠳ ᠶᠢ ᠨᠢ ᠲᠡᠭᠦᠨ ᠤ ᠰᠤᠷᠤᠯᠴᠠᠵᠤ ᠪᠠᠶᠢᠭ᠎ᠠ ᠠᠬ᠎ᠠ ︵ᠡᠭᠡᠴᠢ︶ ᠶᠢᠨ ᠢᠶᠠᠨ ᠨᠢᠭᠡ ᠰᠤᠷᠭᠠᠭᠤᠯᠢ ᠳᠤ ᠲᠣᠬᠢᠷᠠᠭᠤᠯᠤᠨ ᠰᠤᠷᠤᠯᠴᠠᠭᠤᠯᠵᠤ᠂ ᠬᠡᠷ ᠤᠨ ᠠᠬᠠᠮᠠᠳ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ᠃  ᠡᠯᠰᠡᠬᠦ᠂  ᠠᠩᠭᠢ ᠬᠤᠪᠢᠶᠠᠬᠤ ᠦᠶ᠎ᠡ ᠳᠤ᠂ ᠢᠬᠡᠷ᠎ᠡ ᠬᠡᠤᠬᠡᠳ᠂ ᠣᠯᠠᠨ ᠢᠬᠡᠷ᠎ᠡ ᠬᠡᠤᠬᠡᠳ ᠢ ᠨᠡᠶᠢᠯᠡᠭᠦᠯᠦᠨ ᠠᠪᠬᠤ ᠶᠢ ᠵᠥᠪᠰᠢᠶᠡᠷᠡᠨ᠎ᠡ᠃        2. ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ︽ᠨᠢᠭᠡ ᠰᠤᠷᠭᠠᠭᠤᠯᠢ ᠨᠢᠭᠡ ᠠᠩᠭᠢ︾ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠯᠢᠳᠡᠭ ᠪᠠᠭᠰᠢ ᠶᠢᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠬᠦ ᠲᠤᠷᠰᠢᠯᠲᠠ ᠶᠢᠨ ᠠᠩᠭᠢ ᠨᠡᠭᠡᠭᠡᠬᠦ ᠶᠢ ᠳᠡᠮᠵᠢᠬᠦ ᠳᠤ ᠲᠣᠬᠢᠷᠠᠭᠤᠯᠤᠯᠲᠠ ᠬᠢᠵᠦ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠠᠲᠤᠯᠠᠨ᠎ᠠ᠃ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠮᠣᠩᠭᠤᠯ ᠳᠤᠮᠳᠠᠳᠤ ᠪᠠ ᠮᠣᠩᠭᠤᠯ ᠪᠠᠭ᠎ᠠ ᠰᠤᠷᠭᠠᠭᠤᠯᠢ ᠳᠤ ᠲᠣᠰ ᠲᠣᠰ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠬᠦ ᠲᠤᠷᠰᠢᠯᠲᠠ ᠶᠢᠨ ᠠᠩᠭᠢ ᠶᠢ 1 ᠪᠠᠶᠢᠭᠤᠯᠵᠤ᠂ ᠦᠨᠳᠦᠰᠦᠲᠡᠨ ᠨᠦᠭᠦᠳ ᠤᠨ ᠰᠣᠷᠣᠭᠴᠢ ᠶᠢ ᠡᠯᠰᠡᠵᠦ᠂ ᠲᠤᠷᠰᠢᠯᠲᠠ ᠶᠢᠨ ᠠᠩᠭᠢ ᠶᠢᠨ ᠰᠣᠷᠣᠭᠴᠢ ᠮᠣᠩᠭᠤᠯ ᠬᠡᠯᠡ ᠪᠢᠴᠢᠭ ᠢ ᠰᠣᠩᠭᠤᠨ ᠰᠤᠷᠴᠤ ᠪᠣᠯᠤᠨ᠎ᠠ᠃         3. ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠠᠵᠢᠯ ᠢ ᠰᠠᠶᠢᠲᠤᠷ ᠬᠢᠨ᠎ᠠ᠃ ︽ᠬᠤᠶᠠᠷ ᠢᠶᠠᠷ ᠭᠤᠤᠯ ᠪᠣᠯᠭᠠᠵᠤ᠂ ᠬᠤᠶᠠᠷ ᠲᠤ ᠣᠷᠣᠭᠤᠯᠬᠤ︾ ᠵᠠᠷᠴᠢᠮ ᠶᠣᠰᠣᠭᠠᠷ᠂ ᠬᠤᠲᠠ ᠳᠤ ᠣᠷᠣᠵᠤ ᠠᠵᠢᠯ ᠬᠥᠳᠡᠯᠮᠦᠷᠢ ᠬᠢᠵᠦ ᠬᠤᠳᠠᠯᠳᠤᠭ᠎ᠠ ᠡᠷᠭᠢᠯᠡᠬᠦ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠶᠢ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠡᠳ᠋ ᠤᠨ ᠵᠠᠰᠠᠭ ᠤᠨ ᠪᠠᠲᠤᠯᠠᠭ᠎ᠠ ᠶᠢᠨ ᠰᠢᠰᠲ᠋ᠧᠮᠵᠢ ᠳᠤ ᠣᠷᠣᠭᠤᠯᠬᠤ ᠶᠢᠨ ᠬᠠᠮᠲᠤ ᠲᠡᠳᠡᠨ ᠤ ᠲᠤᠬᠠᠶ ᠶᠢᠨ ᠭᠠᠵᠠᠷ ᠤᠨ ᠰᠤᠷᠬᠤ ᠨᠠᠰᠤᠨ ᠤ ᠬᠡᠤᠬᠡᠳ ᠯᠦᠭᠡ ᠨᠢᠭᠡ ᠬᠤᠲᠠ ᠶᠢᠨ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠶ᠋ᠴᠡᠳ ᠬᠡᠷᠡᠭᠯᠡᠨ᠂ ᠰᠣᠷᠣᠭᠴᠢ ᠶᠢᠨ ᠬᠡᠷ ᠤᠨ ᠠᠬᠠᠮᠠᠳ ᠲᠤ ᠲᠥᠬᠦᠮ ᠦᠵᠡᠭᠦᠯᠵᠦ᠂ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠳᠥᠭᠦᠮᠴᠢᠯᠡᠨ᠂ ᠬᠡᠷᠡᠭᠴᠡᠭᠡ ᠥᠬᠡᠶ ᠭᠡᠷᠡᠴᠢᠯᠡᠬᠦ ᠮᠠᠲ᠋ᠧᠷᠢᠶᠠᠯ ᠢ ᠬᠦᠴᠦᠨ ᠥᠬᠡᠶ ᠪᠣᠯᠭᠠᠵᠤ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠶ᠋ᠴᠡᠳᠬᠡᠬᠦ︾ ᠶᠢ ᠨᠠᠶᠢᠳᠠᠪᠤᠷᠢᠵᠢᠭᠤᠯᠤᠨ᠂ ᠳᠠᠭᠠᠵᠤ ᠨᠡᠭᠦᠭᠰᠡᠨ ᠦᠷ᠎ᠡ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠡᠷᠬᠡ ᠲᠡᠭᠰᠢ ᠪᠠᠷ ᠭᠥᠷᠳᠡᠬᠦ ᠶᠢ ᠦᠨᠡᠨᠬᠦ ᠪᠠᠲᠤᠯᠠᠨ᠎ᠠ᠃           4. ᠬᠡᠷ ᠲᠡᠭᠡᠨ ᠬᠤᠴᠣᠷᠤᠭᠰᠠᠨ ᠬᠡᠤᠬᠡᠳ᠂ ᠰᠤᠷᠬᠤ ᠨᠠᠰᠤᠨ ᠤ ᠵᠡᠮᠳᠡᠭ ᠬᠡᠤᠬᠡᠳ ᠪᠠ ᠠᠰᠠᠷᠠᠨ ᠬᠠᠷᠠᠭᠠᠯᠵᠠᠬᠤ ᠡᠲᠡᠭᠡᠳ ᠵᠡᠷᠭᠡ ᠣᠨᠴᠣᠭᠤᠶ ᠬᠠᠮᠲᠤᠯᠢᠭ ᠤᠨ ᠰᠤᠷᠭᠠᠨ ᠬᠥᠮᠦᠵᠢᠯ ᠭᠥᠷᠳᠡᠬᠦ ᠶᠢ ᠪᠠᠲᠤᠯᠠᠨ᠎ᠠ᠃         5. ᠡᠯ᠎ᠡ ᠵᠦᠢᠯ ᠤᠨ ᠰᠤᠷᠭᠠᠨ ᠬᠥᠮᠦᠵᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︽ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠢ ᠲᠤᠤᠱᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠬᠡᠤᠬᠡᠳ᠂ ᠶᠠᠳᠠᠭᠤ ᠬᠦᠴᠢᠷᠳᠡᠯᠲᠡᠶ ᠬᠡᠷ ᠪᠦᠯᠢ ᠶᠢᠨ ᠦᠷ᠎ᠡ ᠬᠡᠤᠬᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠲᠣᠭᠲᠠᠴᠠ ᠶᠢᠨ ᠪᠦᠲᠦᠮᠵᠢᠲᠡᠶ ᠠᠵᠢᠯᠯᠠᠭᠠᠨ ᠢ ᠦᠨᠡᠨᠬᠦ ᠪᠠᠲᠤᠯᠠᠵᠤ᠂ ᠡᠯ᠎ᠡ ᠲᠥᠷᠥᠯ ᠤᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠶᠢ ᠪᠠᠲᠤᠯᠠᠨ᠎ᠠ᠃ ᠬᠠᠷᠠᠭᠠᠯᠵᠠᠯ ᠦᠵᠡᠭᠦᠯᠬᠦ ᠨᠥᠬᠦᠴᠡᠯ ᠳᠤ ᠨᠡᠶᠢᠴᠡᠬᠦ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠤᠬᠡᠳ᠂ ᠠᠯᠪᠠᠨ ᠴᠡᠷᠢᠭ ᠤᠨ ᠦᠷ᠎ᠡ ᠬᠡᠤᠬᠡᠳ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠨ ᠤ ᠦᠷ᠎ᠡ ᠬᠡᠤᠬᠡᠳ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠦᠷᠡᠭᠳᠡᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠵᠢᠴᠢ ᠬᠠᠷᠠᠭᠠᠯᠵᠠᠯ ᠦᠵᠡᠭᠦᠯᠬᠦ ᠨᠥᠬᠦᠴᠡᠯ ᠳᠤ ᠨᠡᠶᠢᠴᠡᠬᠦ ᠪᠤᠰᠤᠳ ᠬᠥᠮᠦᠰ ᠤᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠶᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃   
ᠢᠷᠡᠯᠲᠡ᠄ ᠲᠤᠰ ᠰᠦᠯᠵᠢᠶ᠎ᠠ