ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ ᠬᠡᠰᠡᠭ ᠨᠡᠶᠢᠭᠡᠮ ᠲᠣᠭᠤᠷᠢᠭ  ᠤᠨ ᠬᠠᠷᠢᠶ᠎ᠠ ᠣᠷᠣᠨ ᠳᠤ ᠲᠣᠬᠢᠷᠠᠭᠤᠯᠤᠯᠲᠠ ᠬᠢᠭᠰᠡᠨ ᠠᠯᠪᠠᠨ ᠵᠠᠷ
ᠨᠡᠶᠢᠲᠡᠯᠡᠭᠰᠡᠨ ᠴᠠᠭ᠄
2022/7/19
             ᠠᠵᠢᠯ ᠤᠨ ᠬᠡᠷᠡᠭᠴᠡᠭᠡ ᠠᠴᠠ ᠪᠣᠯᠵᠣ᠂ ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤ ᠠᠴᠠ ᠯᠠᠨ ᠲᠢᠶᠠᠨ ᠨᠡᠶᠢᠭᠡᠮ ᠲᠣᠭᠤᠷᠢᠭ᠂    ᠡᠾᠦ᠋ᠢ ᠮᠢᠨ ᠨᠡᠶᠢᠭᠡᠮ ᠲᠣᠭᠤᠷᠢᠭ᠂ ᠴᠠᠭᠠᠨ  ᠡᠬᠦᠯᠠᠨ ᠨᠡᠶᠢᠭᠡᠮ ᠲᠣᠭᠤᠷᠢᠭ ᠤᠨ ᠬᠠᠷᠢᠶ᠎ᠠ ᠲᠣᠭᠤᠷᠢᠭ ᠤᠨ ᠳᠣᠲᠣᠷᠠᠬᠢ ᠬᠡᠰᠡᠭ  ᠰᠠᠭᠤᠭᠠᠯᠢ ᠠᠷᠠᠳ ᠤᠨ ᠲᠣᠭᠤᠷᠢᠭ ᠲᠤ ᠬᠠᠷᠢᠶ᠎ᠠ ᠲᠣᠭᠤᠷᠢᠭ ᠤᠨ ᠲᠣᠬᠢᠷᠠᠭᠤᠯᠤᠯᠲᠠ ᠬᠢᠪᠠ ᠃        ᠪᠤᠳᠠᠳᠠᠢ ᠪᠠᠶᠢᠳᠠᠯ᠄        1. ᠡᠾᠦ᠋ᠢ ᠮᠢᠨ ᠨᠡᠶᠢᠭᠡᠮ ᠲᠣᠭᠤᠷᠢᠭ ᠤᠨ ᠤᠤᠯ ᠤᠨ ᠬᠠᠮᠢᠶᠠᠷᠤᠯᠲᠠ ᠶᠢᠨ ᠣᠷᠣᠨ ᠤ ᠰᠠᠭᠤᠷᠢᠨ ᠳᠡᠭᠡᠷ᠎ᠡ᠂  ᠰᠠᠶᠢᠠᠬᠤᠰᠤ ᠵᠠᠮ ᠠᠴᠠ ᠵᠡᠭᠦᠨᠰᠢᠬᠢ — ᠦᠯᠵᠡᠢ ᠵᠡᠭᠡᠯᠢ ᠠᠴᠠ ᠡᠮᠦᠨᠡᠰᠢᠬᠢ —  ᠴᠤᠬᠠᠦ᠋ᠠᠳᠤᠷ ᠵᠠᠮ ᠠᠴᠠ ᠪᠠᠷᠠᠭᠤᠨᠰᠢᠬᠢ — ᠪᠠᠶᠠᠠᠴᠢᠨᠳᠠᠮᠤᠨᠢ ᠵᠡᠭᠡᠯᠢ ᠠᠴᠠ ᠤᠮᠠᠷᠠᠰᠢᠬᠢ ︵ᠡᠭᠦᠨ ᠳᠤ ᠳ᠋ᠦᠩ ᠱᠧᠩ ᠵᠢᠶᠠ ᠶᠤᠸᠠᠨ  ᠰᠠᠭᠤᠭᠠᠯᠢ ᠲᠣᠭᠤᠷᠢᠭ᠂ ᠰᠢᠨ᠎ᠡ ᠴᠠᠬᠢᠯᠭᠠᠨ ᠬᠦᠴᠦᠨ  ᠰᠠᠭᠤᠭᠠᠯᠢ ᠲᠣᠭᠤᠷᠢᠭ᠂ ᠰᠢᠨ ᠰᠢᠨ ᠬᠡᠷ ᠣᠷᠣᠨ᠂ ᠷᠦᠨ  ᠹᠧᠩ ᠰᠠᠭᠤᠭᠠᠯᠢ ᠲᠣᠭᠤᠷᠢᠭ ᠵᠢᠴᠢ ᠰᠠᠭᠤᠭᠠᠯᠢ ᠲᠣᠭᠤᠷᠢᠭ ᠤᠨ ᠡᠷᠬᠢᠨ ᠲᠣᠭᠤᠷᠢᠨ ᠤ ᠡᠭᠦᠳᠡᠨ ᠳᠡᠯᠭᠡᠭᠦᠷ ᠢ ᠡᠾᠦ᠋ᠢ ᠮᠢᠨ ᠨᠡᠶᠢᠭᠡᠮ ᠲᠣᠭᠤᠷᠢᠭ ᠤᠨ ᠬᠠᠷᠢᠶᠠᠯᠠᠯ ᠢᠶᠠᠷ ᠬᠤᠪᠢᠶᠠᠨ᠎ᠠ︶᠃        2. ᠴᠠᠭᠠᠨ ᠡᠬᠦᠯᠠᠨ ᠨᠡᠶᠢᠭᠡᠮ ᠲᠣᠭᠤᠷᠢᠭ ᠤᠨ ᠤᠤᠯ ᠤᠨ ᠬᠠᠮᠢᠶᠠᠷᠤᠯᠲᠠ ᠶᠢᠨ ᠣᠷᠣᠨ ᠤ ᠰᠠᠭᠤᠷᠢᠨ ᠳᠡᠭᠡᠷ᠎ᠡ᠂  ᠰᠠᠶᠢᠠᠬᠤᠰᠤ ᠵᠠᠮ ᠠᠴᠠ ᠵᠡᠭᠦᠨᠰᠢ ᠪᠠᠨ —  ᠬᠦᠬᠡᠴᠤ ᠵᠡᠭᠡᠯᠢ ᠠᠴᠠ ᠡᠮᠦᠨᠡᠰᠢ ᠪᠠᠨ — ᠴᠤᠬᠠᠦ᠋ᠠᠳᠤᠷ ᠵᠠᠮ ᠠᠴᠠ ᠪᠠᠷᠠᠭᠤᠨᠰᠢ ᠪᠠᠨ — ᠡᠮᠦᠨ᠎ᠡ ᠲᠣᠭᠤᠷᠢᠯ ᠵᠠᠮ ᠠᠴᠠ ᠤᠮᠠᠷᠠᠰᠢ ᠪᠠᠨ ︵ᠳᠣᠲᠣᠷ᠎ᠠ ᠨᠢ ᠼᠠᠢ ᠶᠤᠸᠠᠨ ᠬᠤᠸᠠ ᠹᠦ᠋  ᠰᠠᠭᠤᠭᠠᠯᠢ ᠲᠣᠭᠤᠷᠢᠭ᠂ ᠢᠦᠢ ᠼᠠᠢ ᠵᠢᠶᠠ ᠶᠤᠸᠠᠨ  ᠰᠠᠭᠤᠭᠠᠯᠢ ᠲᠣᠭᠤᠷᠢᠭ᠂ ᠱᠢ ᠪᠥᠸᠧ ᠴᠧᠩ  ᠰᠠᠭᠤᠭᠠᠯᠢ ᠲᠣᠭᠤᠷᠢᠭ ᠵᠢᠴᠢ ᠡᠷᠬᠢᠨ ᠲᠣᠭᠤᠷᠢᠨ ᠤ ᠡᠭᠦᠳᠡᠨ ᠳᠡᠯᠭᠡᠭᠦᠷ ᠢ ᠴᠠᠭᠠᠨ ᠡᠬᠦᠯᠠᠨ ᠨᠡᠶᠢᠭᠡᠮ ᠲᠣᠭᠤᠷᠢᠭ ᠲᠤ ᠬᠤᠪᠢᠶᠠᠷᠢᠯᠠᠨ ᠬᠠᠮᠢᠶᠠᠷᠤᠨ᠎ᠠ︶᠃           3.  ᠰᠠᠶᠢᠠᠬᠤᠰᠤ ᠵᠠᠮ ᠠᠴᠠ ᠵᠡᠭᠦᠨᠰᠢ ᠪᠠᠨ —  ᠪᠠᠶᠠᠠᠴᠢᠨᠳᠠᠮᠤᠨᠢ ᠵᠡᠭᠡᠯᠢ ᠠᠴᠠ ᠡᠮᠦᠨᠡᠰᠢ ᠪᠠᠨ — ᠴᠤᠬᠠᠦ᠋ᠠᠳᠤᠷ ᠵᠠᠮ ᠠᠴᠠ ᠪᠠᠷᠠᠭᠤᠨᠰᠢ ᠪᠠᠨ —  ᠬᠦᠬᠡᠴᠤ ᠵᠡᠭᠡᠯᠢ ᠠᠴᠠ ᠤᠮᠠᠷᠠᠰᠢ ᠪᠠᠨ ︵ᠡᠭᠦᠨ ᠳᠤ ᠺᠠᠶ ᠹᠦ᠋ ᠴᠡᠴᠡᠷᠯᠢᠭ ᠤᠨ ᠲᠣᠭᠤᠷᠢᠭ᠂ ᠾᠦᠢ ᠵᠢᠩ ᠬᠤᠸᠠ ᠹᠦ᠋ ᠲᠣᠭᠤᠷᠢᠭ᠂ ᠰᠢᠨ ᠶᠤᠸᠠᠨ ᠲᠣᠭᠤᠷᠢᠭ᠂ ᠷᠦ ᠢ ᠶᠠ ᠶᠤᠸᠠᠨ ᠲᠣᠭᠤᠷᠢᠭ᠂ ᠮᠠᠨᠤ ᠨᠠᠭᠤᠷ ᠲᠣᠭᠤᠷᠢᠭ᠂ ᠱᠠᠩ ᠴᠢ ᠲᠣᠭᠤᠷᠢᠭ᠂ ᠷᠦᠢ ᠳ᠋ᠦᠩ ᠴᠡᠴᠡᠷᠯᠢᠭ᠂ ᠬᠤᠸᠠ ᠲᠠᠢ ᠯᠢ ᠵᠢᠩ᠂  ᠪᠠ ᠶᠢᠨ ᠵᠢᠶᠠ ᠳ᠋ᠢ ᠲᠣᠭᠤᠷᠢᠭ   ᠢ ᠯᠠᠨ ᠲᠢᠶᠠᠨ ᠨᠡᠶᠢᠭᠡᠮ ᠲᠣᠭᠤᠷᠢᠭ ᠲᠤ  ᠬᠤᠪᠢᠶᠠᠷᠢᠯᠠᠨ ᠬᠠᠮᠢᠶᠠᠷᠤᠨ᠎ᠠ︶᠃          4.  ᠨᠠᠷᠠᠨ ᠨᠡᠶᠢᠭᠡᠮ ᠲᠣᠭᠤᠷᠢᠭ᠂  ᠰᠠᠢ ᠱᠠᠩ ᠨᠡᠶᠢᠭᠡᠮ ᠲᠣᠭᠤᠷᠢᠭ ᠤᠨ ᠤᠤᠯ ᠤᠨ ᠬᠠᠷᠢᠶᠠᠯᠠᠵᠤ ᠪᠠᠶᠢᠭᠰᠠᠨ ᠣᠷᠣᠨ ᠲᠣᠭᠤᠷᠢᠭ ᠢ ᠬᠤᠪᠢᠷᠠᠭᠤᠯᠬᠤ ᠥᠬᠡᠶ ᠬᠡᠪ ᠢᠶᠠᠷ ᠪᠠᠶᠢᠯᠭᠠᠨ᠎ᠠ᠃ ᠲᠣᠰ ᠤᠳᠠᠭᠠᠨ ᠤ ᠰᠠᠭᠤᠭᠠᠯᠢ ᠠᠷᠠᠳ ᠤᠨ ᠲᠣᠭᠤᠷᠢᠭ ᠤᠨ ᠲᠣᠬᠢᠷᠠᠭᠤᠯᠤᠯᠲᠠ ᠶᠢ 2022 ᠣᠨ ᠤ 7 ᠰᠠᠷ᠎ᠠ ᠶᠢᠨ 11 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠥᠷᠭᠡᠨ ᠣᠯᠠᠨ ᠬᠤᠲᠠ ᠶᠢᠨ ᠠᠷᠠᠳ ᠲᠣᠬᠢᠷᠠᠭᠤᠯᠤᠯᠲᠠ ᠬᠢᠭᠰᠡᠨ ᠡᠳᠦᠷ ᠠᠴᠠ ᠡᠬᠢᠯᠡᠨ ᠵᠣᠬᠢᠴᠠᠩᠭᠤᠶ ᠬᠠᠮᠢᠶᠠᠷᠤᠯᠲᠠ ᠶᠢᠨ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠲᠤᠬᠠᠶᠢᠯᠠᠭᠰᠠᠨ ᠠᠵᠢᠯ ᠢ  ᠬᠦᠢᠴᠡᠳᠬᠡᠬᠦ ᠶᠢ ᠬᠦᠰᠡᠵᠦ ᠪᠠᠶᠢᠨ᠎ᠠ᠃                          ᠡᠭᠦᠨ ᠤ ᠲᠤᠯᠠ ᠣᠨᠴᠣᠭᠤᠶᠢᠯᠠᠨ ᠵᠠᠷᠯᠠᠪᠠ᠂ ᠬᠠᠷᠢᠯᠴᠠᠨ ᠳᠠᠮᠵᠢᠭᠤᠯᠵᠤ ᠥᠭᠬᠦ ᠪᠣᠯᠪᠠᠤ᠃                                  ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ                                                   2022 ᠣᠨ ᠤ 7 ᠰᠠᠷ᠎ᠠ ᠶᠢᠨ 4 
ᠢᠷᠡᠯᠲᠡ᠄ ᠲᠤᠰ ᠰᠦᠯᠵᠢᠶ᠎ᠠ