ᠤᠷᠠᠳ ᠤᠨ ᠬᠤᠶᠢᠲᠤ ᠬᠤᠰᠢᠭᠤᠨ ᠤ ᠥᠷᠭᠡᠨ ᠤᠯᠠᠨ ᠰᠠᠭᠤᠭᠠᠯᠢ ᠠᠷᠠᠳ ᠲᠤ ᠢᠯᠡᠭᠡᠭᠰᠡᠨ ᠵᠠᠬᠢᠳᠠᠯ
ᠨᠡᠶᠢᠲᠡᠯᠡᠭᠰᠡᠨ ᠴᠠᠭ᠄
2022/7/21
ᠬᠠᠶᠢᠷᠠᠲᠤ ᠰᠠᠭᠤᠭᠠᠯᠢ ᠠᠷᠠᠳ ᠨᠠᠶᠢᠵᠠ ᠨᠠᠷ ᠡ᠄        ᠬᠤᠳᠠ ᠶᠢᠨ ᠠᠷᠠᠳ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠵᠤ᠂  ᠪᠣᠯᠪᠠᠰᠤᠨ ᠤᠷᠠᠳ ᠤᠨ ᠬᠤᠶᠢᠲᠤ ᠬᠤᠰᠢᠭᠤ ᠶᠢ ᠪᠦᠳᠦᠭᠡᠨ ᠪᠠᠶᠢᠭᠤᠯᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠡᠳ᠋ᠯᠡᠬᠦ ᠳᠤ ᠤᠯᠠᠨ ᠢᠶᠠᠷ ᠢᠶᠠᠨ ᠣᠷᠣᠯᠴᠠᠵᠤ᠂ ᠬᠠᠮᠵᠢᠯᠴᠠᠵᠤ᠂ ᠳᠡᠮᠵᠢᠯᠭᠡ ᠦᠵᠡᠭᠦᠯᠬᠦ ᠶᠢ ᠱᠠᠭᠠᠷᠳᠠᠨ᠎ᠠ᠃ ᠡ᠊ᠨᠳᠡ ᠪᠢᠳᠡ ᠪᠦᠬᠦ ᠰᠠᠭᠤᠭᠠᠯᠢ ᠠᠷᠠᠳ ᠲᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄        ᠪᠣᠯᠪᠠᠰᠤᠨ ᠢ ᠰᠡᠳᠬᠢᠯ ᠳᠡᠭᠡᠨ ᠪᠤᠳᠤᠨ᠎ᠠ᠃ ᠪᠣᠯᠪᠠᠰᠤᠨ ᠢ ᠰᠡᠳᠬᠢᠯ ᠠᠴᠠ ᠪᠠᠨ ᠡᠬᠢᠯᠡᠬᠦ ᠶᠢ ᠪᠠᠷᠢᠮᠲᠠᠯᠠᠨ᠎ᠠ᠃ ᠥᠷᠥᠰᠢᠶᠡᠯ ᠬᠠᠶᠢᠷ᠎ᠠ ᠶᠢ ᠪᠠᠳᠠᠷᠠᠭᠤᠯᠵᠤ᠂ ᠨᠡᠶᠢᠭᠡᠮ ᠨᠡᠶᠢᠲᠡ ᠶᠢᠨ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠦᠨᠡᠨᠴᠢ ᠢᠲᠡᠭᠡᠮᠵᠢᠲᠡᠶ ᠪᠠᠶᠢᠬᠤ ᠶᠢ ᠪᠤᠢ ᠪᠣᠯᠭᠠᠵᠤ᠂ ᠠᠵᠢᠯ ᠮᠡᠷᠭᠡᠵᠢᠯ ᠤᠨ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ ᠃ ᠠᠴᠢᠯᠠᠯ ᠤᠨ ᠰᠡᠳᠬᠢᠯ ᠢ ᠰᠠᠨᠠᠭᠠᠴᠢᠯᠠᠵᠤ᠂ ᠭᠡᠷ ᠪᠦᠯᠢ ᠶᠢᠨ ᠰᠠᠶᠢᠨ ᠰᠠᠶᠢᠬᠠᠨ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠤᠪᠢ ᠬᠥᠮᠦᠨ ᠤ ᠵᠠᠩ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃         ᠪᠣᠯᠪᠠᠰᠤᠨ ᠪᠣᠯ ᠠᠮᠠᠨ ᠳᠠᠭᠠᠨ ᠪᠠᠶᠢᠲᠠᠭ ᠃ ᠳᠤᠷ᠎ᠠ ᠪᠠᠷ ᠢᠶᠠᠨ ᠨᠤᠯᠮᠤᠬᠤ ᠦᠭᠡᠶ᠂ ᠬᠡᠷᠡᠭᠦᠯ ᠵᠣᠳᠣᠭᠠᠨ ᠬᠢᠬᠦ ᠦᠭᠡᠶ᠂ ᠲᠠᠮᠠᠬᠢ ᠴᠠᠭᠠᠵᠠᠯᠠᠬᠤ ᠲᠡᠮᠳᠡᠭ ᠲᠠᠢ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠦᠭᠡᠢ᠂ ᠤᠯᠠᠨ ᠨᠡᠶᠢᠲᠡ ᠶᠢᠨ ᠲᠠᠯᠠᠪᠤᠷ ᠲᠤ ᠶᠡᠭᠡ ᠲᠠᠭᠤᠨ ᠢᠶᠠᠷ ᠦᠢᠮᠡᠯᠳᠦᠨ ᠬᠥᠭᠡᠷᠦᠯᠳᠦᠬᠦ ᠦᠭᠡᠢ ᠪᠠᠷ ᠤᠷᠠᠳ ᠤᠨ ᠬᠤᠶᠢᠲᠤ ᠬᠤᠰᠢᠭᠤᠨ ᠤ ᠬᠥᠮᠦᠰ ᠤᠨ ᠪᠣᠯᠪᠠᠰᠤᠨ ᠳᠦᠷᠢ ᠶᠢ ᠪᠦᠲᠦᠭᠡᠨ᠎ᠡ᠃         ᠪᠣᠯᠪᠠᠰᠤᠨ ᠢ ᠭᠠᠷ ᠲᠠᠭᠠᠨ ᠠᠳᠬᠤᠨ᠎ᠠ᠃ ᠡᠯᠳᠡᠪ ᠶᠠᠭᠤᠮ᠎ᠠ ᠶᠢ ᠳᠤᠷ᠎ᠠ ᠪᠠᠷ ᠢᠶᠠᠨ ᠬᠠᠶᠠᠬᠤ ᠦᠭᠡᠢ᠂ ᠳᠤᠷ᠎ᠠ ᠪᠠᠷ ᠢᠶᠠᠨ ᠵᠢᠷᠤᠭ ᠨᠠᠭᠠᠬᠤ ᠦᠭᠡᠢ᠂ ᠳᠤᠷ᠎ᠠ ᠪᠠᠷ ᠢᠶᠠᠨ ᠵᠠᠷ ᠤᠨ ᠫᠠᠶᠢᠰᠠ ᠪᠤᠰᠬᠠᠬᠤ ᠦᠭᠡᠢ᠂ ᠠᠯᠪᠠᠨ ᠤ ᠶᠠᠭᠤᠮ᠎ᠠ ᠶᠢ ᠵᠣᠷᠢᠭᠤᠳᠠ ᠪᠤᠵᠠᠷᠲᠤᠭᠤᠯᠵᠤ᠂ ᠰᠦᠢᠳᠬᠡᠵᠦ ᠪᠣᠯᠬᠤ ᠦᠭᠡᠢ ᠂ ᠮᠠᠨ ᠤ ᠣᠷᠴᠢᠨ ᠠᠬᠤᠶ ᠪᠠᠨ ᠬᠠᠶᠢᠷᠠᠯᠠᠨ ᠬᠠᠮᠠᠭᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠪᠦᠳᠦᠭᠡᠨ ᠪᠠᠶᠢᠭᠤᠯᠤᠨ᠎ᠠ᠃         ᠪᠣᠯᠪᠠᠰᠤᠨ ᠪᠣᠯ ᠬᠥᠯ ᠳᠣᠣᠷ᠎ᠠ ᠪᠠᠨ ᠪᠠᠶᠢᠲᠠᠭ᠃ ᠳᠤᠷ᠎ᠠ ᠪᠠᠷ ᠢᠶᠠᠨ ᠵᠠᠰᠠᠮᠠᠯ ᠵᠠᠮ ᠢᠶᠠᠷ ᠥᠩᠭᠡᠷᠡᠬᠦ ᠥᠬᠡᠶ᠂ ᠤᠯᠠᠭᠠᠨ ᠳ᠋ᠧᠩ ᠢ  ᠬᠦᠯᠢᠶᠡᠵᠤ᠂ ᠡᠷᠢᠶᠡᠨ ᠵᠢᠷᠤᠭᠠᠰᠤ ᠪᠠᠷ ᠶᠠᠪᠤᠬᠤ ᠶᠢ ᠪᠠᠷᠢᠮᠲᠠᠯᠠᠵᠤ᠂ ᠲᠡᠷᠭᠡ ᠵᠢᠯᠣᠭᠤᠳᠬᠤ ᠳᠠᠭᠠᠨ ᠬᠤᠷᠳᠤᠴᠠ ᠪᠠ ᠠᠴᠢᠶ᠎ᠠ ᠶᠢ ᠬᠡᠲᠦᠷᠡᠭᠦᠯᠬᠦ ᠥᠬᠡᠶ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠥᠬᠡᠶ᠂ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠳᠤ ᠰᠢᠬᠠᠯᠳᠤᠬᠤ ᠥᠬᠡᠶ᠂ ᠰᠠᠭᠤᠳᠠᠯ ᠪᠤᠯᠢᠶᠠᠯᠳᠤᠬᠤ ᠥᠬᠡᠶ ᠪᠠᠶᠢᠵᠤ᠂ ᠰᠠᠨᠠᠭᠠᠴᠢᠯᠠᠭ᠎ᠠ ᠠᠴᠠ ᠪᠠᠨ ᠦᠲᠡᠯᠦᠭᠰᠡᠨ᠂ ᠪᠠᠭᠤᠷᠠᠶ᠂ ᠡᠪᠡᠳᠴᠢᠯᠡᠭᠰᠡᠨ᠂ ᠵᠡᠮᠳᠡᠭ᠂ ᠵᠢᠷᠮᠦᠰᠦᠯᠡᠬᠦ ᠳᠤ ᠣᠷᠣ ᠦᠯᠡᠲᠡᠭᠡᠵᠤ ᠥᠭᠬᠦ ᠬᠡᠷᠡᠭᠲᠡᠶ᠃ ᠮᠠᠨ ᠤ ᠪᠣᠳᠠᠲᠤ ᠠᠵᠢᠯᠯᠠᠭ᠎ᠠ ᠪᠠᠷ ᠢᠶᠠᠨ ᠤᠯᠠᠨ ᠨᠡᠶᠢᠲᠡ ᠶᠢᠨ ᠰᠠᠶᠢᠨ ᠰᠠᠶᠢᠬᠠᠨ ᠡᠮᠬᠢ ᠵᠢᠷᠤᠮ ᠢ ᠬᠠᠮᠠᠭᠠᠯᠠᠬᠤ ᠬᠡᠷᠡᠭᠲᠡᠶ᠃         ᠪᠣᠯᠪᠠᠰᠤᠨ ᠠᠵᠢᠯᠯᠠᠭ᠎ᠠ ᠳᠡᠭᠡᠷ᠎ᠡ ᠪᠠᠨ ᠪᠠᠶᠢᠳᠠᠭ᠃ ᠳᠤᠷ᠎ᠠ ᠪᠠᠷ ᠢᠶᠠᠨ ᠪᠠᠶᠢᠭᠤᠯᠬᠤ ᠦᠭᠡᠢ᠂ ᠳᠤᠷ᠎ᠠ ᠪᠠᠷ ᠢᠶᠠᠨ ᠳᠡᠯᠭᠡᠭᠡ ᠮᠠᠶᠢᠮᠠᠶ ᠬᠢᠬᠦ ᠦᠭᠡᠢ᠂ ᠵᠠᠮ ᠡᠵᠡᠯᠡᠨ ᠡᠵᠡᠩᠨᠡᠬᠦ ᠦᠭᠡᠢ᠂ ᠵᠢᠵᠢᠭ ᠵᠠᠷ ᠲᠠᠷᠬᠠᠭᠠᠬᠤ ᠦᠭᠡᠢ᠂ ᠪᠦᠷᠢᠯᠭᠡᠨ ᠰᠦᠢᠳᠬᠡᠬᠦ ᠦᠭᠡᠢ᠂ ᠶᠡᠭᠡ ᠪᠠᠷ ᠬᠢᠬᠦ ᠦᠭᠡᠢ ᠪᠠᠶᠢᠵᠤ᠂ ᠵᠠᠩ ᠳᠠᠳᠬᠠᠯ ᠢ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠰᠠᠶᠢᠨ ᠰᠠᠶᠢᠬᠠᠨ ᠭᠡᠷ ᠤᠨ ᠰᠤᠷᠲᠠᠯ ᠠᠷᠠᠳ ᠤᠨ ᠰᠤᠷᠲᠠᠯ ᠢ ᠪᠤᠢ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ᠂ ᠨᠢᠭᠦᠯᠡᠰᠦᠩᠭᠦᠶ ᠶᠢᠨ ᠲᠤᠰᠠᠯᠠᠮᠵᠢ ᠵᠡᠷᠭᠡ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠡᠭᠦᠳᠦᠨ ᠪᠠᠶᠢᠭᠤᠯᠬᠤ ᠠᠵᠢᠯᠯᠠᠭ᠎ᠠ ᠶᠢᠨ ᠳᠤᠮᠳᠠ ᠬᠡᠪ ᠴᠢᠨᠠᠷ ᠢ ᠳᠡᠭᠡᠭᠰᠢᠯᠡᠭᠦᠯᠦᠨ᠂ ᠲᠥᠪ ᠰᠤᠷᠲᠠᠯ ᠢ ᠪᠠᠳᠠᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠨ᠎ᠠ᠃         ᠪᠣᠯᠪᠠᠰᠤᠨ ᠢ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠨ᠎ᠡ᠃ ᠪᠣᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠶᠢ ᠪᠢ ᠦᠢᠯᠡᠳᠦᠯᠭᠡᠵᠢᠭᠦᠯᠵᠦ᠂ ᠬᠤᠪᠢ ᠨᠡᠮᠡᠷᠢ ᠪᠠᠨ ᠦᠵᠡᠭᠦᠯᠦᠨ᠎ᠡ᠃ ᠪᠢᠳᠡ ᠬᠠᠷᠢᠯᠴᠠᠨ ᠬᠥᠳᠡᠯᠦᠯᠴᠡᠵᠦ᠂ ᠬᠠᠶᠢᠷ᠎ᠠ ᠬᠠᠯᠠᠮᠵᠢ ᠪᠠ ᠣᠶᠤᠨ ᠤᠬᠠᠭᠠᠨ᠂ ᠰᠢᠷᠭᠠᠭᠤ ᠬᠥᠳᠡᠯᠮᠦᠷᠢ ᠪᠠ ᠬᠦᠴᠦ ᠬᠥᠯᠥᠰᠥ ᠪᠠᠷ ᠢᠶᠠᠨ ᠤᠷᠠᠳ ᠤᠨ ᠬᠤᠶᠢᠲᠤ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠥᠩᠭᠡ ᠬᠡᠷᠡᠯ ᠨᠡᠮᠡᠷᠢᠯᠡᠶ᠎ᠡ︕                    ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠬᠤᠶᠢᠲᠤ ᠬᠤᠰᠢᠭᠤᠨ ᠤ ᠬᠤᠷᠢᠶᠠᠨ ᠤ ᠤᠬᠠᠭᠤᠯᠬᠤ ᠬᠡᠯᠲᠡᠰ                ᠤᠷᠠᠳ ᠤᠨ ᠬᠤᠶᠢᠲᠤ ᠬᠤᠰᠢᠭᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ                                         2022 ᠣᠨ ᠤ 7 ᠰᠠᠷ᠎ᠠ ᠶᠢᠨ 20 ᠤ ᠡᠲᠤᠷ
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ