ᠤᠷᠠᠳ ᠤᠨ ᠬᠤᠶᠢᠲᠤ ᠬᠤᠰᠢᠭᠤᠨ ᠤ ᠠᠭᠤᠯᠠᠨ ᠭᠦᠨ ᠳᠤ ᠣᠶᠤᠨᠲᠤ ᠷᠠᠳᠢᠣ᠋ ᠲᠧᠯᠸᠢᠰ ᠤᠨ ᠢᠨᠵᠧᠨᠧᠷᠢᠩ ᠢ ᠬᠡᠷᠡᠭᠵᠢᠬᠦᠯᠪᠠ
ᠨᠡᠶᠢᠲᠡᠯᠡᠭᠰᠡᠨ ᠴᠠᠭ᠄
2022/7/25
         ᠤᠷᠠᠳ ᠤᠨ ᠬᠤᠶᠢᠲᠤ ᠬᠤᠰᠢᠭᠤᠨ ᠤ ᠠᠭᠤᠯᠠᠨ ᠭᠦᠨ ᠳᠤ ᠣᠶᠤᠨᠲᠤ ᠷᠠᠳᠢᠣ᠋ ᠲᠧᠯᠸᠢᠰ ᠤᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠺᠣᠮᠫᠠᠨᠢ ᠶᠢᠨ ᠤᠷᠠᠳ ᠤᠨ ᠬᠤᠶᠢᠲᠤ ᠬᠤᠰᠢᠭᠤᠨ ᠤ ᠬᠤᠪᠢᠶᠠᠷᠢ ᠺᠣᠮᠫᠠᠨᠢ ᠶᠢᠨ ᠪᠠᠷᠢᠯᠭ᠎ᠠ ᠶᠢᠨ ᠲᠤᠭᠤᠶᠢᠯᠠᠩ ᠨᠢ ᠠᠭᠤᠯᠠ ᠥᠨᠳᠥᠷ ᠂ ᠵᠢᠯᠠᠭ᠎ᠠ ᠭᠦᠨ᠂ ᠠᠴᠢᠶ᠎ᠠ ᠲᠡᠭᠡᠭᠡᠪᠦᠷᠢᠯᠳᠡ ᠳᠤ ᠲᠦᠬᠦᠮ ᠪᠤᠰᠤ᠂ ᠠᠭᠤᠯᠠᠨ ᠬᠦᠨ ᠳᠠᠬᠢ ᠮᠠᠯᠴᠢᠳ ᠤᠨ ᠣᠷᠣᠨ ᠰᠠᠭᠤᠴᠠ ᠲᠠᠷᠠᠬᠠᠢ ᠪᠤᠲᠠᠷᠬᠠᠢ ᠪᠠᠶᠢᠬᠤ ᠵᠡᠷᠭᠡ ᠡᠯ᠎ᠡ ᠵᠦᠢᠯ ᠤᠨ ᠬᠦᠴᠢᠷ ᠢ ᠲᠤᠭᠤᠯᠤᠨ᠂ ᠮᠠᠯᠴᠢᠳ ᠤᠨ ᠬᠠᠪᠰᠤᠷᠠᠯ ᠲᠡᠮᠵᠢᠯᠬᠡ ᠪᠠᠷ ᠦᠪᠡᠷᠳᠡᠭᠡᠨ ᠡᠬᠦᠳᠦᠭᠰᠡᠨ ᠣᠯᠠᠨ ᠭᠠᠵᠠᠷ ᠤᠨ ᠰᠠᠴᠤᠷᠠᠯᠳᠠ ᠶᠢᠨ   ᠰᠦᠯᠵᠢᠶᠡᠨ ᠬᠥᠭᠦᠷᠭᠡ  ᠵᠡᠷᠭᠡ ᠮᠡᠷᠭᠡᠵᠢᠯ ᠢᠶᠠᠷ ᠠᠭᠤᠯᠠᠨ ᠭᠦᠨ ᠳᠠᠬᠢ ᠣᠶᠤᠨᠲᠤ ᠷᠠᠳᠢᠣ᠋ ᠲᠧᠯᠸᠢᠰ ᠤᠨ ᠢᠨᠵᠧᠨᠧᠷᠢᠩ ᠢ ᠲᠦᠷᠭᠡᠨ ᠠᠬᠢᠭᠤᠯᠵᠤ ᠪᠠᠶᠢᠨ᠎ᠠ᠃         ᠡᠨᠡ ᠵᠢᠯ 73 ᠨᠠᠰᠤᠲᠠᠢ ᠮᠠᠯᠴᠢᠨ ᠪᠠᠢ ᠿᠧ ᠰᠢ ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ ᠵᠤᠰᠠᠮᠠᠯ ᠭᠠᠴᠠᠭ᠎ᠠ ᠶᠢᠨ ᠠᠭᠤᠯᠠᠨ ᠤ ᠭᠦᠨ ᠳᠤ ᠨᠢᠭᠡ ᠨᠠᠰᠤ ᠪᠠᠷ ᠢᠶᠠᠨ ᠰᠠᠭᠤᠷᠢᠰᠢᠵᠠᠢ᠂ ᠣᠷᠳᠣ ᠬᠤᠭᠤᠴᠠᠭᠠᠨ ᠤ ᠲᠤᠷᠰᠢ ᠪᠠᠢ ᠿᠧ ᠰᠢ ᠶᠢᠨ ᠬᠢᠨ ᠭᠠᠷ ᠤᠲᠠᠰᠤᠨ ᠤ ᠳᠣᠬᠢᠶ᠎ᠠ ᠦᠭᠡᠢ᠂ ᠰᠦᠯᠵᠢᠶ᠎ᠡ  ᠦᠭᠡᠢ ᠂ ᠬᠡᠪᠡᠴᠦ ᠰᠡᠬᠦᠯᠡᠷ ᠨᠢ ᠭᠠᠷ ᠤᠳᠠᠰᠤ ᠨᠠᠪᠳᠡᠷᠡᠵᠦ ᠪᠤᠯᠬᠤ ᠳᠤ ᠣᠶᠢᠷ᠎ᠠ ᠬᠠᠪᠢ ᠶᠢᠨ ᠠᠭᠤᠯᠠᠨ ᠣᠷᠣᠢ ᠳᠤ ᠠᠪᠠᠷᠢᠨ ᠭᠠᠷᠴᠤ ᠳᠣᠬᠢᠶ᠎ᠠ  ᠡᠷᠢᠨ᠎ᠠ᠂ ᠳᠣᠬᠢᠶ᠎ᠠ ᠨᠢ ᠵᠠᠷᠢᠮ ᠳᠠᠭᠠᠨ ᠰᠠᠶᠢᠨ ᠵᠠᠷᠢᠮ ᠳᠠᠭᠠᠨ  ᠠᠨᠠᠢ ᠮᠥᠷᠲᠡᠭᠡᠨ ᠰᠦᠯᠵᠢᠶᠡᠨ ᠳᠤ ᠭᠠᠷᠴᠤ ᠳᠡᠶᠢᠯᠬᠦ ᠦᠭᠡᠢ ᠪᠠᠶᠢᠳᠠᠭ᠃ ᠡᠨᠡ ᠵᠢᠯ ᠣᠶᠤᠨᠲᠤ ᠷᠠᠳᠢᠣ᠋ ᠲᠧᠯᠸᠢᠰ ᠤᠨ ᠢᠨᠵᠧᠨᠧᠷᠢᠩ ᠢᠶᠠᠷ ᠳᠡᠮᠵᠢᠨ᠂ ᠪᠠᠢ ᠿᠧ ᠰᠢ ᠳᠤ ᠷᠠᠳᠢᠣ᠋ ᠲᠧᠯᠸᠢᠰ ᠤᠨ ᠰᠦᠯᠵᠢᠶ᠎ᠡ ᠶᠢ ᠨᠠᠪᠲᠠᠷᠡᠭᠦᠯᠵᠦ᠂ ᠠᠮᠢᠳᠤᠷᠠᠯ ᠳᠤ ᠮᠠᠰᠢ ᠣᠯᠠᠨ ᠲᠥᠬᠦᠮ ᠦᠵᠡᠭᠦᠯᠪᠡ᠃        5 G ᠶᠢᠨ ᠳᠣᠬᠢᠶ᠎ᠠ ᠠᠯᠢ ᠡᠷᠲᠡ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠳᠤ ᠣᠷᠣᠭᠰᠠᠨ  ᠪᠤᠯᠪᠠᠴᠤ ᠂ ᠪᠠᠢ ᠿᠧ ᠰᠢ ᠶᠢᠨ ᠭᠡᠷ  ᠤᠨ ᠬᠢ  ᠭᠠᠳᠠᠨᠠᠬᠢ ᠬᠥᠮᠥᠰ ᠲᠠᠢ ᠬᠠᠷᠢᠯᠴᠠᠬᠤ ᠳᠠᠭᠠᠨ ᠵᠥᠪᠬᠡᠨ ᠠᠭᠤᠯᠠᠨ ᠣᠷᠣᠢ ᠳᠡᠭᠡᠷᠡᠬᠢ ᠰᠤᠯᠠ ᠳᠣᠬᠢᠶ᠎ᠠ ᠶᠢ ᠲᠦᠰᠢᠭᠯᠡᠳᠡᠭ  ᠪᠠᠶᠢᠵᠠᠢ᠃        ᠮᠤᠩᠭᠤᠯ ᠰᠤᠷᠪᠤᠯᠵᠢᠯᠠᠭ᠎ᠠ ᠮᠠᠯᠴᠢᠨ ᠪᠠᠢ ᠿᠧ ᠰᠢ ᠰᠤᠷᠪᠤᠯᠵᠢᠯᠠᠭ᠎ᠠ᠄ ︽ᠮᠠᠨ ᠤ ᠬᠢ ᠠᠭᠤᠯᠠᠷᠬᠠᠭ ᠣᠷᠣᠨ ᠳᠤ ᠰᠠᠭᠤᠷᠢᠰᠢᠳᠠᠭ᠂ ᠥᠨᠳᠥᠷ ᠠᠭᠤᠯᠠ ᠳᠤ ᠶᠡᠷᠦ ᠠᠴᠠ ᠳᠣᠬᠢᠶ᠎ᠠ ᠨᠡᠪᠲᠡᠷᠡᠬᠦ ᠦᠭᠡᠢ ᠤᠴᠢᠷ ᠠᠴᠠ ᠭᠡᠷ ᠲᠡᠭᠡᠨ ᠪᠠᠴᠢᠮ ᠤᠴᠢᠷ ᠲᠠᠢ ᠪᠣᠯ  ᠦᠨᠳᠦᠷ ᠠᠭᠤᠯᠠᠨ ᠣᠷᠣᠢ ᠳᠤ ᠠᠪᠠᠷᠢᠨ ᠭᠠᠷᠴᠤ ᠳᠣᠬᠢᠶ᠎ᠠ ᠬᠠᠶᠢᠵᠤ᠂ ᠭᠠᠳᠠᠨᠠᠬᠢ ᠲᠠᠢ ᠬᠠᠷᠢᠯᠴᠠᠬᠤ ᠳᠤ ᠲᠤᠩ ᠬᠦᠴᠢᠷᠲᠡᠢ᠂ ᠤᠳᠤ ᠰᠦᠯᠵᠢᠶᠡᠨ ᠺᠣᠮᠫᠠᠨᠢ ᠶᠢᠨ ᠳᠣᠬᠢᠶ᠎ᠠ ᠵᠤᠰᠠᠮᠠᠯ ᠭᠠᠴᠠᠭ᠎ᠠ ᠳᠤ ᠵᠠᠯᠭᠠᠵᠤ᠂ ᠪᠦᠬᠦ ᠮᠠᠯᠴᠢᠳ  ᠤᠨ  ᠭᠡᠷ ᠲᠤ ᠳᠣᠬᠢᠶ᠎ᠠ  ᠨᠡᠪᠳᠡᠷᠡᠵᠦ᠂  ᠲᠤᠩ ᠰᠠᠶᠢᠨ ᠪᠠᠶᠢᠨ᠎ᠠ ᠤᠳᠤ ᠭᠡᠷ ᠲᠡᠭᠡᠨ ᠰᠠᠭᠤᠭᠠᠳ ᠭᠠᠷ ᠤᠲᠠᠰᠤ  ᠨᠡᠪᠳᠡᠷᠡᠵᠦ ᠪᠤᠯᠬᠤ ᠮᠦᠷᠳᠡᠬᠡᠨ ᠮᠠᠨ  ᠤ ᠬᠤᠶᠢᠲᠤ ᠬᠤᠰᠢᠭᠤ᠂ ᠪᠠᠶᠠᠨᠨᠠᠭᠤᠷ ᠬᠤᠳᠠ ᠶᠢᠨ ᠰᠣᠨᠢᠨ ᠮᠡᠳᠡᠭᠡ ᠶᠢ ᠪᠦᠷ ᠣᠯᠵᠤ ᠦᠵᠡᠨ᠎ᠡ ᠲᠡᠶᠢᠯᠦᠨ᠎ᠠ︾ ᠭᠡᠵᠦ ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤ ᠶᠢᠨ  ᠵᠤᠰᠠᠮᠠᠯ ᠭᠠᠴᠠᠭᠠᠨ ᠤ ᠮᠠᠯᠴᠢᠨ ᠪᠠᠢ ᠿᠧ ᠰᠢ  ᠪᠠᠶᠠᠷᠳᠠᠢ ᠬᠡᠯᠡᠵᠦ ᠪᠠᠶᠢᠪᠠ᠃        ᠤᠶᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠺᠣᠮᠫᠠᠨᠢ ᠶᠢᠨ ᠤᠷᠠᠳ ᠤᠨ ᠬᠤᠶᠢᠲᠤ ᠬᠤᠰᠢᠭᠤᠨ ᠤ ᠬᠤᠪᠢᠶᠠᠷᠢ ᠺᠣᠮᠫᠠᠨᠢ ᠶᠢᠨ ᠪᠠᠷᠢᠯᠭ᠎ᠠ ᠶᠢᠨ ᠠᠩᠭᠢ ᠶᠢᠨ ᠠᠵᠢᠯᠴᠢᠨ ᠪᠠᠶᠠᠨᠪᠤᠯᠠᠭ ᠪᠠᠯᠭᠠᠰᠤᠨ ᠤ ᠵᠤᠰᠠᠮᠠᠯ ᠭᠠᠴᠠᠭ᠎ᠠ ᠶᠢᠨ ᠠᠭᠤᠯᠠᠨ ᠭᠦᠨ ᠳᠤ ᠪᠠᠷᠢᠯᠭ᠎ᠠ ᠶᠢᠨ ᠠᠵᠢᠯ ᠬᠢᠵᠦ᠂ ᠪᠠᠷᠢᠯᠭ᠎ᠠ ᠶᠢᠨ ᠠᠩᠭᠢ ᠶᠢᠨ ᠠᠵᠢᠯᠴᠢᠳ ᠤᠨ ᠬᠡᠯᠡᠬᠦ ᠪᠠᠷ᠂ ᠠᠳᠡᠬᠢ ᠠᠭᠤᠯᠠ ᠥᠨᠳᠥᠷ ᠵᠢᠯᠠᠭ᠎ᠠ ᠭᠦᠨ ᠮᠠᠯᠴᠢᠳ ᠤᠨ ᠣᠷᠣᠰᠢᠨ ᠰᠠᠭᠤᠬᠤ ᠨᠢ ᠲᠠᠷᠠᠬᠠᠢ ᠪᠤᠲᠠᠷᠬᠠᠢ᠂ ᠲᠦᠬᠦᠬᠡᠷᠦᠮᠵᠢ ᠪᠠᠨ ᠵᠦᠬᠡᠬᠡᠵᠦ ᠲᠡᠭᠡᠭᠡᠪᠦᠷᠢᠯᠡᠬᠦ ᠨᠢ ᠬᠢᠵᠠᠭᠠᠷᠯᠠᠯ ᠳᠤ ᠤᠴᠠᠷᠠᠵᠤ᠂ ᠮᠠᠯᠴᠢᠳ ᠤᠨ ᠣᠷᠣᠰᠢᠨ ᠰᠠᠭᠤᠬᠤ ᠨᠢ ᠲᠠᠷᠠᠬᠠᠢ ᠪᠤᠲᠠᠷᠬᠠᠢ ᠪᠠᠶᠢᠬᠤ ᠵᠡᠷᠭᠡ ᠡᠯ᠎ᠡ ᠵᠦᠢᠯ ᠤᠨ ᠬᠦᠴᠢᠷᠳᠡᠯ ᠠᠴᠠ ᠪᠣᠯᠵᠤ᠂ ᠪᠠᠷᠢᠯᠭ᠎ᠠ ᠶᠢᠨ ᠠᠵᠢᠯᠲᠠᠳ  ᠠᠴᠠ ᠪᠥᠬᠦ ᠬᠦᠨᠳᠦ ᠨᠢ 2 ᠲᠣᠨ ᠰᠢᠬᠠᠮ ᠲᠥᠬᠦᠭᠡᠷᠦᠮᠵᠢ ᠪᠠᠨ ᠲᠡᠯᠡᠶ ᠶᠢᠨ ᠲᠦᠪᠰᠢᠨ ᠠᠴᠠ 2000 ᠭᠠᠷᠤᠢ ᠮᠧᠲᠷ ᠡᠷᠭᠦᠭᠳᠡᠭᠰᠡᠨ ᠠᠭᠤᠯᠠᠨ ᠣᠷᠣᠢ ᠳᠤ ᠬᠦᠷᠭᠡᠵᠦ᠂ ᠳᠠᠬᠢᠨ ᠳᠣᠬᠢᠶ᠎ᠠ ᠶᠢ ᠲᠤᠷᠰᠢᠨ ᠲᠣᠬᠢᠷᠠᠭᠤᠯᠬᠤ᠂ ᠬᠥᠮᠥᠨ ᠤ ᠬᠦᠴᠦ ᠪᠠᠷ ᠱᠣᠩ ᠰᠢᠭᠠᠬᠤ᠂ ᠪᠠᠬᠢᠯᠡᠨ ᠲᠣᠭᠲᠠᠭᠠᠬᠤ ᠬᠡᠯᠪᠡᠷᠢ ᠪᠠᠷ ᠰᠠᠭᠤᠷᠢ ᠶᠢ ᠪᠠᠬᠢᠵᠢᠬᠦᠯᠬᠦ᠂ ᠰᠠᠯᠬᠢ  ᠨᠠᠷᠠᠨ ᠤ ᠡᠨᠧᠷᠬᠢ  ᠶᠢᠨ ᠴᠠᠬᠢᠯᠭᠠᠨ ᠡᠭᠦᠰᠬᠡᠭᠴᠢ ᠵᠡᠷᠭᠡ ᠲᠥᠬᠦᠭᠡᠷᠦᠮᠵᠢ ᠶᠢ ᠠᠭᠤᠯᠠᠨ ᠣᠷᠣᠢ ᠳᠤ ᠲᠣᠭᠲᠠᠪᠤᠷᠢᠵᠢᠭᠤᠯᠵᠠᠢ᠃         ᠮᠠᠯᠴᠢᠨ  ᠪᠠᠢ ᠿᠧ ᠰᠢ ᠲᠠᠢ ᠨᠢᠬᠡ ᠭᠠᠴᠠᠭᠠᠨ ᠤ ᠮᠠᠯᠴᠢᠨ ᠰᠤᠶᠤᠯᠴᠡᠴᠡᠭ ᠰᠠᠶᠢᠨ ᠳᠤᠷ᠎ᠠ  ᠠᠴᠠ ᠪᠠᠨ ᠪᠠᠷᠢᠯᠭ᠎ᠠ  ᠶᠢᠨ ᠡᠩᠨᠡᠭᠡᠨ ᠳᠤ ᠣᠷᠣᠵᠤ᠂ ᠪᠠᠷᠢᠯᠭ᠎ᠠ  ᠶᠢᠨ ᠠᠩᠭᠢ  ᠶᠢ ᠬᠠᠪᠰᠤᠷᠤᠨ ᠡᠯ᠎ᠡ ᠵᠦᠢᠯ ᠤᠨ ᠲᠥᠬᠦᠭᠡᠷᠦᠮᠵᠢ  ᠶᠢ 2000 ᠭᠠᠷᠤᠢ ᠮᠧᠲᠷ ᠥᠨᠳᠥᠷ ᠠᠭᠤᠯᠠᠨ ᠳᠤ ᠡᠬᠦᠷᠴᠦ  ᠭᠠᠷᠭᠭᠠᠰᠠᠨ ᠮᠦᠷᠲᠡᠭᠡᠨ ᠣᠶᠤᠨᠲᠤ ᠷᠠᠳᠢᠣ᠋ ᠲᠧᠯᠸᠢᠰ ᠤᠨ ᠥᠷᠭᠡᠨ ᠪᠦᠰᠡᠲᠦ ᠰᠦᠯᠵᠢᠶ᠎ᠡ ᠶᠢ ᠪᠦᠷᠬᠦᠬᠦᠯᠬᠦ ᠪᠠ ᠦᠢᠯᠡᠴᠢᠯᠡᠭᠡᠨ ᠤ ᠢᠨᠵᠧᠨᠧᠷᠢᠩ  ᠤᠨ ᠠᠰᠢᠭ ᠢ ᠬᠦᠷᠲᠡᠭᠡᠳ ᠪᠠᠶᠠᠷᠲᠡᠶᠢᠬᠠᠨ ᠪᠠᠶᠢᠨ᠎ᠠ᠃          ᠮᠠᠯᠴᠢᠨ ᠰᠤᠶᠤᠯᠴᠡᠴᠡᠭ᠄ ︽ᠠᠳᠡᠬᠢ ᠠᠭᠤᠯᠠ ᠦᠨᠳᠦᠷ ᠂ ᠵᠠᠮ ᠬᠠᠷᠢᠯᠴᠠᠭ᠎ᠠ ᠳᠥᠭᠦᠮ ᠦᠭᠡᠢ᠂ ᠣᠶᠢᠷ᠎ᠠ ᠬᠠᠪᠢ  ᠶᠢᠨ ᠭᠠᠴᠠᠭᠠᠨ ᠤ ᠮᠠᠯᠴᠢᠳ ᠴᠤᠭᠯᠠᠷᠠᠨ ᠰᠠᠶᠢᠨ ᠳᠤᠷ᠎ᠠ  ᠠᠴᠠ ᠪᠠᠨ ᠪᠠᠷᠢᠯᠭ᠎ᠠ  ᠶᠢᠨ ᠡᠩᠨᠡᠭᠡᠨ ᠳᠤ ᠣᠷᠣᠵᠤ᠂ ᠪᠠᠷᠢᠯᠭ᠎ᠠ  ᠶᠢᠨ ᠠᠩᠭᠢ  ᠶᠢ ᠬᠠᠪᠰᠤᠷᠤᠨ ᠡᠯ᠎ᠡ ᠵᠦᠢᠯ ᠤᠨ ᠲᠥᠬᠦᠭᠡᠷᠦᠮᠵᠢ  ᠶᠢ 2000 ᠭᠠᠷᠤᠢ ᠮᠧᠲᠷ ᠥᠨᠳᠥᠷ ᠠᠭᠤᠯᠠᠨ ᠳᠤ ᠡᠬᠦᠷᠴᠦ  ᠭᠠᠷᠭᠭᠠᠰᠠᠨ ᠪᠠᠶᠢᠨ᠎ᠠ᠂ ᠣᠳᠣ ᠪᠣᠯᠲᠠᠯ᠎ᠠ ᠮᠠᠨ ᠤ ᠭᠠᠴᠠᠭᠠᠨ ᠤ 40 ᠡᠷᠦᠬᠡ ᠳᠤ ᠰᠦᠯᠵᠢᠶ᠎ᠡ ᠨᠡᠪᠳᠡᠷᠡᠵᠠᠢ᠂ ᠡᠨᠡ ᠪᠣᠯ ᠠᠷᠠᠳ ᠲᠤ ᠠᠰᠢᠭ ᠬᠦᠷᠲᠡᠭᠡᠬᠦ ᠰᠠᠶᠢᠨ ᠲᠥᠷᠥ  ᠶᠢᠨ ᠪᠣᠳᠣᠯᠭ᠎ᠠ ᠮᠥᠨ︾ ᠭᠡᠵᠦ ᠪᠠᠶᠠᠷᠲᠠᠢ ᠪᠠᠷ ᠬᠡᠯᠡᠵᠦ ᠪᠠᠶᠢᠪᠠ᠃          ᠣᠶᠢᠯᠠᠭᠠᠭᠰᠠᠨ ᠢᠶᠠᠷ᠂ ᠣᠶᠤᠨᠲᠤ ᠷᠠᠳᠢᠣ᠋ ᠲᠧᠯᠸᠢᠰ ᠤᠨ ᠲᠥᠷᠥᠯ ᠵᠦᠢᠯ ᠢ 2021 ᠣᠨ ᠤ 3 ᠰᠠᠷ᠎ᠠ  ᠠᠴᠠ ᠡᠬᠢᠯᠡᠨ ᠪᠠᠶᠢᠭᠤᠯᠵᠤ᠂ ᠣᠲᠣ ᠪᠣᠯᠲᠠᠯ᠎ᠠ ᠂ ᠨᠢᠭᠡᠨᠲᠡ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ 18 ᠰᠠᠭᠤᠷᠢ ᠬᠠᠳᠠᠭᠠᠯᠠᠵᠤ ᠪᠠᠶᠢᠭ᠎ᠠ ᠲᠡᠮᠦᠷ ᠰᠤᠪᠤᠷᠭ᠎ᠠ ᠶᠢ ᠲᠦᠷᠢᠶᠡᠰᠦᠯᠡᠨ ᠬᠡᠷᠡᠭᠯᠡᠵᠦ᠂ 18 ᠰᠠᠭᠤᠷᠢ ᠲᠡᠮᠦᠷ ᠰᠤᠪᠤᠷᠭ᠎ᠠ ᠶᠢ ᠥᠪᠡᠰᠦᠪᠡᠨ ᠪᠠᠶᠢᠭᠤᠯᠵᠤ᠂ 1300 ᠰᠢᠬᠠᠮ ᠲᠠᠷᠠᠬᠠᠢ ᠪᠤᠲᠠᠷᠬᠠᠢ ᠮᠠᠯᠵᠢᠬᠤ ᠡᠷᠦᠬᠡ ᠶᠢ ᠬᠠᠮᠤᠷᠪᠠ᠃ᠡᠭᠦᠨ ᠳᠤ ᠠᠭᠤᠯᠠᠨ ᠭᠦᠨ ᠳᠤ ᠲᠠᠷᠬᠠᠵᠤ ᠪᠠᠶᠢᠭ᠎ᠠ ︽ᠣᠶᠤᠨᠲᠤ ᠷᠠᠳᠢᠣ᠋ ᠲᠧᠯᠸᠢᠰ︾ ᠤᠨ ᠮᠠᠯᠵᠢᠬᠤ ᠣᠷᠣᠨ ᠤ ᠪᠦᠷᠬᠦᠭᠰᠡᠨ ᠢᠨᠵᠧᠨᠧᠷᠢᠩ ᠤᠨ ᠰᠠᠭᠤᠷᠢ ᠥᠷᠲᠡᠭᠡ 17 ᠪᠠᠶᠢᠵᠤ᠂ 369 ᠮᠠᠯᠴᠢᠨ ᠡᠷᠦᠬᠡ ᠶᠢ ᠬᠠᠮᠤᠷᠴᠤ᠂ ᠠᠭᠤᠯᠠ ᠥᠨᠳᠥᠷ ᠵᠢᠯᠠᠭ᠎ᠠ ᠭᠦᠨ ᠰᠠᠭᠤᠷᠢ ᠥᠷᠲᠡᠭᠡ ᠶᠢᠨ ᠬᠦᠴᠢᠷ ᠠᠰᠠᠭᠤᠳᠠᠯ ᠤᠨ ᠡᠮᠦᠨ᠎ᠡ᠂ ᠠᠵᠢᠯᠴᠢᠳ ᠲᠤᠬᠠᠢ ᠶᠢᠨ ᠲᠠᠯᠠᠪᠠᠶ ᠶᠢᠨ ᠬᠠᠶᠢᠨ ᠬᠡᠮᠵᠢᠯᠲᠡ ᠪᠠᠷ ᠳᠡᠮᠵᠢᠨ ᠣᠯᠠᠨ ᠴᠡᠭ ᠲᠤ ᠰᠦᠯᠵᠢᠶᠡᠨ ᠤ ᠬᠥᠭᠦᠷᠭᠡ ᠶᠢ ᠪᠠᠶᠢᠭᠤᠯᠬᠤ ᠮᠡᠷᠭᠡᠵᠢᠯ ᠢ ᠡᠭᠦᠳᠴᠦ᠂ ᠳᠣᠬᠢᠶ᠎ᠠ ᠰᠦᠯᠵᠢᠶ᠎ᠡ ᠶᠢ ᠮᠠᠯᠴᠢᠳ ᠤᠨ ᠭᠡᠷ ᠲᠤ  ᠬᠦᠷᠬᠡᠭᠰᠡᠨ ᠪᠠᠶᠢᠨ᠎ᠠ ᠃ ᠣᠲᠣ ᠨᠢᠭᠡᠨᠲᠡ 87 ᠡᠷᠦᠬᠡ ᠮᠠᠯᠴᠢᠨ ᠡᠷᠦᠬᠡ  ᠳᠤ ᠤᠭᠰᠠᠷᠠᠵᠤ᠂ 15 ᠰᠠᠭᠤᠷᠢ ᠨᠥᠬᠦᠪᠦᠷᠢ ᠴᠡᠭ ᠤᠨ ᠰᠠᠭᠤᠷᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠲᠦᠰᠦᠪᠡᠯᠳᠡ ᠪᠠᠷ 6 ᠰᠠᠷ᠎ᠠ ᠶᠢᠨ ᠰᠡᠭᠦᠯᠴᠢ ᠪᠠᠷ ᠦᠯᠡᠳᠡᠪᠦᠷᠢ ᠨᠥᠬᠦᠪᠦᠷᠢ ᠴᠡᠭ ᠤᠨ ᠥᠷᠲᠡᠭᠡ ᠪᠠᠶᠢᠭᠤᠯᠬᠤ ᠠᠵᠢᠯ ᠢ ᠳᠠᠭᠤᠰᠬᠠᠬᠤ ᠪᠣᠯᠣᠨ᠎ᠠ᠂ ᠲᠠᠷᠠᠭᠠᠴᠢ ᠶᠢᠨ ᠠᠯᠬᠤᠮ ᠳᠤ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠨᠢ ᠰᠠᠭᠤᠷᠢ ᠥᠷᠲᠡᠭᠡ ᠶᠢᠨ ᠨᠡᠪᠲᠡᠷᠡᠬᠦ ᠴᠠᠭ ᠢ ᠦᠨᠳᠦᠰᠦᠯᠡᠨ᠂ ᠠᠭᠤᠯᠠᠨ ᠳᠣᠲᠣᠷᠠᠬᠢ ᠬᠡᠷᠡᠭᠯᠡᠭᠴᠢᠳ ᠲᠤ ᠷᠠᠳᠢᠣ᠋ ᠲᠧᠯᠸᠢᠰ ᠤᠨ ᠥᠷᠭᠡᠨ ᠪᠦᠰᠡᠲᠦ ᠳᠣᠬᠢᠶ᠎ᠠ ᠶᠢ ᠵᠠᠯᠭᠠᠭᠠᠪᠡᠷ  ᠨᠡᠪᠳᠡᠷᠡᠬᠦᠯᠬᠦ ᠪᠠᠷ ᠪᠠᠶᠢᠨ᠎ᠠ᠃
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ