ᠤᠷᠠᠳ ᠤᠨ ᠬᠤᠶᠢᠲᠤ ᠬᠤᠰᠢᠭᠤ ᠠᠵᠢᠯᠲᠠᠨ ᠡᠯᠰᠡᠬᠦ ᠴᠤᠭᠯᠠᠭᠠᠨ ᠡᠷᠬᠢᠯᠠᠵᠤ ᠠᠷᠠᠳ ᠤᠨ ᠰᠡᠳᠬᠢᠯ ᠢ ᠲᠤᠯᠠᠭᠠᠯᠠᠨ᠎ᠠ
ᠨᠡᠶᠢᠲᠡᠯᠡᠭᠰᠡᠨ ᠴᠠᠭ᠄
2022/7/29
         ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ  ᠰᠢᠢᠳᠪᠤᠷᠢᠳᠤ ᠪᠣᠳᠣᠯᠭ᠎ᠠ  ᠶᠢ ᠲᠤᠤᠱᠯᠠᠭᠤᠯᠤᠨ᠂ ᠠᠷᠠᠳ ᠤᠨ ᠠᠮᠢᠳᠤᠷᠠᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ᠂ ᠪᠠᠴᠢᠮ ᠬᠦᠴᠢᠷᠳᠡᠯ ᠠᠴᠠ ᠠᠪᠤᠷᠠᠬᠤ ᠳᠤ ᠬᠦᠴᠦᠨ ᠨᠡᠮᠡᠷᠢᠯᠡᠬᠦ ᠶᠢᠨ ᠲᠦᠯᠤᠬᠡ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠵᠡᠮᠳᠡᠭᠴᠦᠳ ᠤᠨ ᠬᠤᠯᠪᠣᠭᠠᠲᠤ ᠬᠤᠷᠠᠯ ᠤᠨ ︽ᠠᠵᠢᠯ ᠣᠯᠭᠤᠯᠲᠠ  ᠳᠤ ᠲᠤᠰᠠᠯᠠᠮᠵᠢ ᠦᠵᠡᠭᠦᠯᠬᠦ ︿ᠰᠡᠳᠬᠢᠯ ᠲᠤᠯᠠᠭᠠᠯᠠᠬᠤ ᠠᠵᠢᠯᠯᠠᠭ᠎ᠠ﹀ ᠥᠷᠨᠢᠭᠦᠯᠬᠦ ᠲᠤᠬᠠᠶ ᠮᠡᠳᠡᠭᠳᠡᠯ︾ ︵ᠥᠪᠥᠷ  ᠬᠦᠮᠤᠨ ᠨᠡᠶᠢᠬᠡᠮ ᠤᠨ ᠠᠯᠪᠠᠨ ᠲᠠᠷᠬᠠᠭᠠᠭᠰᠠᠨ ︹ 2022 ︺ 138 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠵᠢᠯ ᠤᠯᠬᠤ ᠳᠤ ᠬᠦᠴᠢᠷᠲᠡᠶ ᠬᠠᠮᠲᠤᠯᠢᠭ ᠲᠤ ᠠᠵᠢᠯ ᠤᠨ ᠪᠠᠶᠢᠷᠢ᠂  ᠦᠢᠯᠡᠴᠢᠯᠡᠭᠡ᠂ ᠲᠥᠷᠥ ᠶᠢᠨ ᠪᠣᠳᠣᠯᠭ᠎ᠠ᠂ ᠬᠠᠶᠢᠷ᠎ᠠ ᠬᠠᠯᠠᠮᠵᠢ ᠶᠢ ᠲᠥᠪᠯᠡᠷᠡᠭᠦᠯᠦᠨ ᠬᠦᠷᠭᠡᠵᠦ᠂ ᠨᠢᠭᠡ ᠪᠦᠯᠦᠭ ᠬᠦᠴᠢᠷᠳᠡᠯᠲᠡᠶ ᠬᠥᠮᠦᠰ ᠢ ᠬᠠᠪᠰᠤᠷᠤᠨ ᠲᠡᠳᠬᠦᠵᠦ ᠠᠵᠢᠯ ᠣᠯᠭᠤᠨ᠎ᠠ᠃ ᠡᠳᠦᠭᠡ 2022 ᠣᠨ ᠤ ᠤᠷᠠᠳ ᠤᠨ ᠬᠤᠶᠢᠲᠤ ᠬᠤᠰᠢᠭᠤᠨ ᠤ ᠠᠵᠢᠯ ᠣᠯᠭᠤᠯᠲᠠ ᠶᠢᠨ ᠲᠤᠰᠠᠯᠠᠮᠵᠢ ᠶᠢᠨ ︽ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ︾ ᠬᠢᠬᠦ ᠪᠠᠷ ᠲᠣᠭᠲᠠᠭᠰᠠᠨ ᠪᠥᠭᠡᠳ ᠬᠤᠯᠪᠣᠭᠳᠠᠯ ᠪᠦᠭᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄                  ᠨᠢᠭᠡ᠂ ᠤᠷᠢᠵᠤ ᠡᠯᠰᠡᠬᠦ ᠬᠤᠷᠠᠯ ᠤᠨ ᠨᠡᠷᠡᠶᠢᠳᠦᠯ              2022 ᠣᠨ ᠤ ᠤᠷᠠᠳ ᠤᠨ ᠬᠤᠶᠢᠲᠤ ᠬᠤᠰᠢᠭᠤᠨ ᠤ ᠠᠵᠢᠯ ᠣᠯᠭᠤᠯᠲᠠ ᠶᠢᠨ ᠲᠤᠰᠠᠯᠠᠮᠵᠢ ᠶᠢᠨ ︽ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ︾              ᠬᠤᠶᠠᠷ᠂ ᠠᠵᠢᠯᠲᠠᠨ ᠡᠯᠰᠡᠬᠦ ᠬᠤᠷᠠᠯ ᠤᠨ ᠭᠤᠤᠯ ᠰᠡᠳᠦᠪ             ᠠᠵᠢᠯ ᠣᠯᠭᠤᠯᠲᠠ ᠶᠢ ᠳᠡᠮᠵᠢᠵᠤ ᠠᠷᠠᠳ ᠤᠨ ᠰᠡᠳᠬᠢᠯ ᠢ ᠳᠤᠯᠠᠭᠠᠴᠠᠭᠤᠯᠵᠤ ᠠᠷᠠᠳ ᠤᠨ ᠬᠦᠴᠢᠷᠳᠡᠯ ᠢ ᠰᠢᠢᠳᠪᠤᠷᠢᠯᠠᠨ᠎ᠠ              ᠭᠤᠷᠪᠠ᠂ ᠠᠵᠢᠯᠲᠠᠨ ᠡᠯᠰᠡᠬᠦ ᠬᠤᠷᠠᠯ ᠤᠨ ᠴᠠᠭ᠂ ᠭᠠᠵᠠᠷ ᠤᠷᠤᠨ               2022 ᠣᠨ ᠤ 7 ᠰᠠᠷ᠎ᠠ ᠶᠢᠨ 31 ᠤ ᠡᠳᠦᠷ ︵ᠭᠠᠷᠠᠭ ᠤᠨ ᠡᠳᠦᠷ︶ ᠤᠨ ᠦᠳᠡ ᠶᠢᠨ ᠡᠮᠦᠨ᠎ᠡ 10᠄ 00             ᠭᠠᠵᠠᠷ᠄ ᠨᠠᠭᠠᠳᠤᠮ ᠤᠨ ᠲᠠᠯᠠᠪᠠᠢ              ᠳᠥᠷᠪᠡ᠂  ᠦᠢᠯᠡᠴᠢᠯᠠᠬᠦ ᠡᠲᠡᠭᠡᠳ             ︵ᠨᠢᠭᠡ︶ ᠠᠵᠢᠯ ᠠᠯᠳᠠᠭᠠᠳ 1 ᠵᠢᠯ ᠠᠴᠠ ᠳᠡᠭᠡᠭᠰᠢ ᠪᠣᠯᠤᠭᠰᠠᠨ᠂ ᠨᠠᠰᠤ ᠠᠬᠢᠭᠰᠠᠨ᠂ ᠠᠮᠢᠳᠤᠷᠠᠯ  ᠤᠨ ᠨᠠᠭᠠᠳᠤ ᠵᠠᠬ᠎ᠠ  ᠶᠢᠨ ᠪᠠᠲᠤᠯᠠᠭ᠎ᠠ ᠪᠥᠬᠦᠢ ᠭᠡᠷ ᠪᠦᠯᠢ᠂ ᠳᠠᠩᠰᠠᠯᠠᠭᠤᠯᠤᠭᠰᠠᠨ ᠠᠵᠢᠯ ᠠᠯᠳᠠᠭᠰᠠᠨ ᠵᠡᠮᠳᠡᠭ ᠬᠥᠮᠦᠰ ᡾          ︵ᠬᠤᠶᠠᠷ︶ ᠶᠠᠳᠠᠭᠤ ᠠᠴᠠ ᠠᠩᠭᠢᠵᠢᠷᠠᠭᠰᠠᠨ ᠬᠡᠷ ᠪᠦᠯᠢ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠲᠠᠢ ᠬᠡᠷ ᠪᠦᠯᠢ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠵᠢᠴᠢ ᠵᠡᠮᠳᠡᠭ᠂ ᠨᠡᠯᠢᠶᠡᠳ ᠣᠷᠳᠣ ᠬᠤᠭᠤᠴᠠᠭ᠎ᠠ ᠪᠠᠷ ᠠᠵᠢᠯ ᠣᠯᠤᠭᠰᠠᠨ ᠥᠬᠡᠶ ᠳᠡᠭᠡᠳᠦ ᠰᠤᠷᠭᠠᠭᠤᠯᠢ ᠲᠡᠭᠦᠰᠦᠭᠰᠡᠳ︔         ︵ᠭᠤᠷᠪᠠ︶ ︽ᠥᠪᠥᠷ ᠮᠣᠩᠭᠤᠯ ᠤᠨ ᠠᠵᠢᠯ ᠤᠯᠬᠤ ᠳᠤ ᠬᠦᠴᠢᠷᠲᠡᠶ ᠬᠥᠮᠦᠰ ᠢ ᠦᠨᠡᠮᠰᠢᠬᠦ ᠠᠷᠭ᠎ᠠ︾ ᠳᠤ ᠨᠡᠶᠢᠴᠡᠬᠦ ᠪᠤᠰᠤᠳ ᠠᠵᠢᠯ ᠤᠯᠬᠤ ᠳᠤ ᠬᠦᠴᠢᠷᠲᠡᠶ ᠬᠥᠮᠦᠰ᠃         ᠲᠠᠪᠤ᠂ ᠠᠵᠢᠯᠲᠠᠨ ᠡᠯᠰᠡᠬᠦ ᠴᠤᠭᠯᠠᠭᠠᠨ ᠤ ᠲᠤᠬᠠᠶ ᠶᠢᠨ ᠲᠠᠯᠠᠪᠠᠶ ᠶᠢᠨ ᠲᠣᠬᠢᠷᠠᠭᠤᠯᠤᠯᠲᠠ         ᠠᠵᠢᠯᠲᠠᠨ ᠡᠯᠰᠡᠬᠦ ᠴᠤᠭᠯᠠᠭᠠᠨ ᠤ ᠲᠤᠬᠠᠶ ᠶᠢᠨ ᠲᠠᠯᠠᠪᠤᠷ ᠲᠤ ᠪᠠᠷᠢᠮᠵᠢᠶᠠᠲᠤ ᠳᠡᠯᠭᠡᠨ ᠦᠵᠡᠭᠦᠯᠬᠦ ᠣᠷᠣᠨ ᠪᠠᠶᠢᠷᠢ ᠶᠢᠨ ᠠᠵᠢᠯᠲᠠᠨ ᠡᠯᠰᠡᠬᠦ ᠲᠣᠭᠤᠷᠢᠭ ︵40 ᠦᠵᠡᠭᠦᠯᠦᠯᠭᠡ ᠶᠢᠨ ᠣᠷᠣᠨ ᠪᠠᠶᠢᠷᠢ ᠭᠠᠷᠭᠠᠬᠤ ᠪᠠᠷ ᠪᠣᠶ︶᠂  ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ ᠵᠡᠷᠭᠡ ᠶᠢ ᠳᠣᠭᠢᠷᠠᠭᠤᠯᠪᠠ᠃        ᠵᠢᠷᠭᠤᠭ᠎ᠠ᠂ ᠬᠤᠷᠠᠯ ᠳᠤ ᠣᠷᠣᠯᠴᠠᠬᠤ ᠠᠷᠭ᠎ᠠ ᠬᠡᠯᠪᠡᠷᠢ ᠵᠢᠴᠢ ᠱᠠᠭᠠᠷᠳᠠᠯᠭ᠎ᠠ        1. ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠳᠤ ᠣᠷᠣᠯᠴᠠᠬᠤ ᠨᠢᠭᠡᠴᠡ ᠨᠢ ᠡᠵᠡᠩᠨᠡᠯᠲᠡ ᠶᠢᠨ ᠦᠨᠡᠮᠯᠡᠯ᠂ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠵᠡᠷᠭᠡ ᠦᠨᠡᠮᠯᠡᠯ ᠢ ᠬᠠᠩᠭᠠᠵᠤ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠠᠳ ᠪᠠᠲᠤᠯᠠᠭᠰᠠᠨ ᠤ ᠳᠠᠷᠠᠭ᠎ᠠ ᠰᠠᠶ᠋ᠢ ᠠᠵᠢᠯᠲᠠᠨ ᠡᠯᠰᠡᠬᠦ ᠳᠤ ᠣᠷᠣᠯᠴᠠᠵᠤ ᠪᠣᠯᠤᠨ᠎ᠠ᠃            2᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠶ᠃ ᠶᠠᠮᠠᠷᠪᠠ ᠬᠡᠯᠪᠡᠷᠢ ᠪᠠᠷ ᠠᠵᠢᠯ ᠡᠷᠢᠭᠰᠡᠳ ᠠᠴᠠ ᠶᠠᠮᠠᠷ ᠴᠤ ᠰᠦᠢᠳᠬᠡᠯ ᠬᠤᠷᠢᠶᠠᠵᠤ ᠪᠣᠯᠬᠤ ᠦᠭᠡᠢ᠂ ᠦᠵᠡᠭᠦᠯᠦᠯᠭᠡ ᠶᠢᠨ ᠣᠷᠣ ᠶᠢ ᠳᠤᠷ᠎ᠠ ᠪᠠᠷ ᠢᠶᠠᠨ ᠪᠤᠰᠤᠳ ᠲᠤ ᠵᠢᠭᠡᠯᠡᠭᠦᠯᠬᠦ ᠪᠤᠶᠤ ᠪᠤᠰᠤᠳ ᠠᠵᠤ ᠠᠬᠤᠶᠢᠯᠠᠯ ᠲᠠᠢ ᠬᠠᠮᠲᠤᠷᠠᠨ ᠬᠡᠷᠡᠭᠯᠡᠵᠦ ᠪᠣᠯᠬᠤ ᠦᠭᠡᠢ᠃            3. ᠬᠤᠷᠠᠯ ᠳᠤ ᠣᠷᠣᠯᠴᠠᠬᠤ ᠨᠢᠭᠡᠴᠡ ᠪᠠ ᠠᠵᠢᠯ ᠡᠷᠢᠭᠰᠡᠳ ᠬᠤᠷᠠᠯ ᠤᠨ ᠲᠠᠯᠠᠪᠠᠶ ᠶᠢᠨ ᠴᠡᠪᠡᠷ ᠲᠡᠭᠰᠢ ᠪᠠᠶᠢᠬᠤ ᠶᠢ ᠠᠩᠬᠠᠷᠴᠤ᠂ ᠤᠷᠢᠵᠤ ᠬᠡᠷᠡᠭᠯᠡᠬᠦ ᠮᠠᠲ᠋ᠧᠷᠢᠶᠠᠯ᠂ ᠤᠷᠢᠭᠳᠠᠬᠤ ᠲᠣᠪᠴᠢ ᠨᠠᠮᠲᠠᠷ᠂ ᠠᠵᠢᠯ ᠡᠷᠢᠬᠦ ᠵᠠᠬᠢᠳᠠᠯ ᠵᠡᠷᠭᠡ ᠪᠢᠴᠢᠭ ᠮᠠᠲ᠋ᠧᠷᠢᠶᠠᠯ ᠢᠶᠠᠨ ᠬᠤᠷᠠᠯ ᠤᠨ ᠲᠠᠯᠠᠪᠠᠶ ᠳᠤ ᠬᠠᠶᠠᠵᠤ ᠪᠣᠯᠬᠤ ᠥᠬᠡᠶ᠃           4. ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠪᠣᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯᠲᠠᠨ ᠡᠯᠰᠡᠬᠦ ᠴᠤᠭᠯᠠᠭᠠᠨ ᠮᠥᠨ᠂ ᠠᠵᠤ ᠠᠬᠤᠶᠢᠯᠠᠯ ᠪᠣᠯᠤᠨ ᠠᠵᠢᠯ ᠡᠷᠢᠭᠰᠡᠳ ᠠᠴᠠ ᠶᠠᠮᠠᠷ ᠴᠤ ᠰᠦᠢᠳᠬᠡᠯ ᠬᠤᠷᠢᠶᠠᠬᠤ ᠦᠭᠡᠶ᠃            ᠳᠣᠯᠤᠭ᠎ᠠ᠂ ᠠᠰᠠᠭᠤᠨ ᠯᠠᠪᠯᠠᠬᠤ ᠬᠠᠶ᠋ᠢᠭ ᠵᠢᠴᠢ ᠤᠲᠠᠰᠤᠨ ᠤ ᠬᠠᠶ᠋ᠢᠭ᠄              ᠤᠷᠠᠳ ᠤᠨ ᠬᠤᠶᠢᠲᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ 401 ᠲᠠᠰᠤᠭ           ᠤᠲᠠᠰᠤ᠄ 0478-4665391᠂ 0478-4665394                 ᠨᠡᠢᠮᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ᠂ ᠬᠤᠷᠠᠯ ᠳᠤ ᠣᠷᠣᠯᠴᠠᠭᠰᠠᠨ ᠪᠣᠶ ᠪᠥᠬᠦᠶ ᠠᠵᠤ ᠠᠬᠤᠶᠢᠯᠠᠯ ᠵᠢᠴᠢ ᠠᠵᠢᠯ ᠡᠷᠢᠭᠰᠡᠳ ︽2022 ᠣᠨ ᠤ ᠤᠷᠠᠳ ᠤᠨ ᠬᠤᠶᠢᠲᠤ ᠬᠤᠰᠢᠭᠤᠨ ᠤ ᠠᠵᠢᠯ ᠣᠯᠭᠤᠯᠲᠠ ᠶᠢᠨ ᠲᠤᠰᠠᠯᠠᠮᠵᠢ︾ ᠶᠢᠨ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠶᠢᠨ ︽ᠰᠢᠨ᠎ᠡ ᠪᠠᠷ ᠢᠯᠡᠷᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠳᠡᠯ ᠤᠨ ᠪᠢᠴᠢᠭ︾ ︵ᠳᠠᠭᠠᠯᠳᠤᠭᠤᠯᠤᠯ ᠳᠤ ᠦᠵᠡ︶ ᠢ ᠨᠠᠷᠢᠨ ᠬᠢᠨᠠᠮᠠᠭᠠᠶ ᠤᠩᠰᠢᠬᠤ ᠶᠢᠨ ᠬᠠᠮᠲᠤ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃              ᠳᠠᠭᠠᠯᠳᠤᠭᠤᠯᠤᠯ᠄ 2022 ᠣᠨ ᠤ ᠤᠷᠠᠳ ᠤᠨ ᠬᠤᠶᠢᠲᠤ ᠬᠤᠰᠢᠭᠤᠨ ᠤ ᠠᠵᠢᠯ ᠣᠯᠭᠤᠯᠲᠠ ᠶᠢᠨ ᠲᠤᠰᠠᠯᠠᠮᠵᠢ ᠶᠢᠨ ︽ᠰᠡᠳᠬᠢᠯ ᠳᠤᠯᠠᠭᠠᠴᠠᠭᠤᠯᠬᠤ ᠠᠵᠢᠯᠯᠠᠭ᠎ᠠ︾ ᠶᠢᠨ ᠰᠢᠨ᠎ᠡ  ᠲᠢᠳᠡᠮᠯᠢᠭ  ᠠᠭᠤᠰᠬᠢᠨ ᠦᠷᠪᠢᠰᠤᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠳᠡᠯ            2022 ᠣᠨ ᠤ ᠤᠷᠠᠳ ᠤᠨ ᠬᠤᠶᠢᠲᠤ ᠬᠤᠰᠢᠭᠤᠨ ᠤ ᠠᠵᠢᠯ ᠣᠯᠭᠤᠯᠲᠠ ᠶᠢᠨ ᠲᠤᠰᠠᠯᠠᠮᠵᠢ ᠶᠢᠨ ︽ᠰᠡᠳᠬᠢᠯ  ᠳᠤᠯᠠᠭᠠᠴᠠᠭᠤᠯᠬᠤ ᠠᠵᠢᠯᠯᠠᠭ᠎ᠠ︾ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠳᠡᠭᠳᠡᠯ ᠤᠨ ᠪᠢᠴᠢᠭ             ᠡᠯ᠎ᠡ ᠤᠷᠢᠵᠤ ᠬᠡᠷᠡᠭᠯᠡᠬᠦ ᠠᠵᠤ ᠠᠬᠤᠶᠢᠯᠠᠯ᠂ ᠠᠵᠢᠯ ᠡᠷᠢᠭᠴᠢ ᠵᠢᠴᠢ ᠠᠵᠢᠯᠲᠠᠨ᠄ 2022 ᠣᠨ ᠤ ᠤᠷᠠᠳ ᠤᠨ ᠬᠤᠶᠢᠲᠤ ᠬᠤᠰᠢᠭᠤᠨ ᠤ ᠠᠵᠢᠯ ᠣᠯᠭᠤᠯᠲᠠ ᠶᠢᠨ ᠲᠤᠰᠠᠯᠠᠮᠵᠢ ᠶᠢᠨ ︽ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ︾ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠤᠷᠠᠯ ᠳᠤ ᠣᠷᠣᠯᠴᠠᠭᠰᠠᠳ ᠪᠠ ᠠᠵᠢᠯᠲᠠᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠥᠯᠥᠭᠡ᠂ ᠬᠤᠷᠠᠯ ᠳᠤ ᠣᠷᠣᠯᠴᠠᠭᠰᠠᠳ ᠪᠠ ᠠᠵᠢᠯ ᠡᠷᠢᠭᠰᠡᠳ ᠵᠢᠴᠢ ᠠᠵᠢᠯᠲᠠᠳ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠵᠦᠢᠯ ᠤᠨ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠳᠦᠭᠡ ᠪᠣᠳᠠᠲᠠᠶ ᠱᠠᠭᠠᠷᠳᠠᠯᠭ᠎ᠠ ᠶᠢ ᠳᠣᠣᠷᠠᠬᠢ ᠮᠡᠲᠦ ᠮᠡᠳᠡᠭᠳᠡᠶ᠎ᠡ᠄         ᠨᠢᠭᠡ᠂ ᠬᠤᠷᠠᠯ ᠳᠤ ᠣᠷᠣᠯᠴᠠᠭᠰᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ              1. ᠡᠷᠡᠭᠦᠯ ᠮᠡᠨᠳᠦ ᠶᠢᠨ ᠺᠣᠳ᠋ ᠨᠢ ᠨᠣᠭᠤᠭᠠᠨ ᠺᠣᠳ᠋ ᠲᠠᠢ᠂ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ ᠨᠢ ᠳᠤᠮᠳᠠ᠂  ᠦᠨᠳᠤᠷ ᠠᠶᠤᠯ ᠲᠦᠭᠰᠢᠭᠦᠷᠢ ᠶᠡᠬᠡᠲᠡᠶ ᠠᠶᠠᠯᠠᠯ ᠤᠨ ᠲᠡᠮᠳᠡᠭᠯᠡᠯ ᠲᠠᠢ᠂ ᠳᠤᠯᠠᠭᠠᠨ ᠤ ᠬᠡᠮᠵᠢᠯᠲᠡ ᠨᠢ ᠬᠡᠪ ᠤᠨ ᠬᠥᠮᠦᠰ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠪᠠᠶᠢᠳᠠᠯ ᠳᠣᠤᠷ᠎ᠠ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠳᠤ ᠣᠷᠣᠯᠴᠠᠵᠤ ᠪᠣᠯᠤᠨ᠎ᠠ᠃            2. ᠬᠤᠷᠠᠯ ᠳᠤ ᠣᠷᠣᠯᠴᠠᠭᠰᠠᠳ ᠰᠠᠨᠠᠭᠠᠴᠢᠯᠠᠭ᠎ᠠ ᠠᠴᠠ ᠪᠠᠨ ᠨᠢᠬᠡ ᠮᠧᠲᠷ ᠤᠨ ᠵᠠᠢ ᠶᠢ ᠪᠠᠳᠤᠯᠠᠵᠤ᠂ ᠰᠢᠬᠠᠯᠳᠤᠬᠤ ᠠᠴᠠ ᠵᠠᠶᠢᠯᠠᠰᠬᠢᠵᠦ᠂ ᠪᠥᠬᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠶ᠃                ᠬᠤᠶᠠᠷ᠂ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠠᠵᠢᠯᠲᠠᠨ ᠡᠯᠰᠡᠬᠦ ᠴᠤᠭᠯᠠᠭᠠᠨ ᠤ ᠲᠤᠬᠠᠶ ᠶᠢᠨ ᠲᠠᠯᠠᠪᠤᠷ ᠲᠤ ᠣᠷᠣᠵᠤ ᠪᠣᠯᠬᠤ ᠥᠬᠡᠶ              1. ᠲᠤᠰᠠᠭᠠᠷᠯᠠᠨ ᠡᠮᠴᠢᠯᠡᠬᠦ ᠬᠤᠭᠤᠴᠠᠭᠠᠨ ᠳᠤ ᠪᠠᠶᠢᠭ᠎ᠠ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠵᠢᠴᠢ ᠲᠤᠰᠠᠭᠠᠷᠯᠠᠬᠤ ᠬᠤᠭᠤᠴᠠᠭ᠎ᠠ ᠨᠢ ᠳᠦᠭᠦᠷᠦᠭᠡ ᠦᠭᠡᠢ ᠨᠢᠭᠲᠠ ᠣᠶᠢᠷᠠᠲᠤᠭᠰᠠᠳ᠂ ᠨᠢᠭᠲᠠ ᠣᠶᠢᠷᠠᠲᠤᠭᠰᠠᠳ ᠲᠠᠢ ᠨᠢᠭᠲᠠ ᠣᠶᠢᠷᠠᠲᠤᠭᠰᠠᠳ︔           2. ᠣᠶᠢᠷ᠎ᠠ ᠶᠢᠨ 14 ᠡᠳᠦᠷ ᠤᠨ ᠳᠣᠲᠣᠷ᠎ᠠ᠂ ᠤᠯᠤᠰ ᠤᠨ ᠳᠣᠲᠣᠭᠠᠳᠤ ᠶᠢᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ︔            3. ᠣᠶᠢᠷ᠎ᠠ ᠶᠢᠨ 21 ᠡᠳᠦᠷ ᠤᠨ ᠳᠣᠲᠣᠷ᠎ᠠ᠂ ᠬᠢᠯᠢ ᠶᠢᠨ ᠭᠠᠳᠠᠨ᠎ᠠ ᠪᠤᠶᠤ ᠰᠢᠶᠠᠩᠭᠠᠩ ᠣᠣᠮᠧᠨ ᠲᠠᠶᠢᠸᠠᠨ ᠳᠤ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ︔           4᠂ ᠨᠢᠭᠡᠨᠲᠡ ᠡᠳᠡᠭᠡᠷᠡᠵᠦ ᠡᠮᠨᠡᠯᠭᠡ ᠠᠴᠠ ᠭᠠᠷᠤᠭᠰᠠᠨ ᠣᠨᠣᠰᠢᠯᠠᠭᠰᠠᠨ ᠡᠪᠡᠳᠴᠢᠨ ᠤ ᠵᠢᠱᠢᠶ᠎ᠡ ᠪᠤᠶᠤ ᠠᠨᠠᠭᠠᠬᠤ ᠤᠬᠠᠭᠠᠨ ᠤ ᠲᠥᠪᠯᠡᠷᠡᠩᠭᠦᠶ ᠲᠤᠰᠠᠭᠠᠷᠯᠠᠯ ᠤᠨ ᠠᠵᠢᠭᠯᠠᠯᠲᠠ ᠶᠢ ᠨᠢᠭᠡᠨᠲᠡ ᠬᠦᠴᠦᠨ ᠦᠭᠡᠢ ᠪᠣᠯᠭᠠᠭᠰᠠᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ᠂ ᠬᠠᠷᠠᠬᠠᠨ ᠳᠠᠭᠠᠵᠤ ᠰᠤᠷᠪᠤᠯᠵᠢᠯᠠᠬᠤ ᠵᠢᠴᠢ ᠠᠨᠠᠭᠠᠬᠤ ᠤᠬᠠᠭᠠᠨ ᠤ ᠠᠵᠢᠭᠯᠠᠯᠲᠠ ᠶᠢᠨ ᠬᠤᠭᠤᠴᠠᠭᠠᠨ ᠳᠤ ᠪᠠᠶᠢᠭ᠎ᠠ ᠬᠥᠮᠦᠰ᠃      ᠭᠤᠷᠪᠠ᠂ ᠬᠡᠪ ᠤᠨ ᠪᠤᠰᠤ ᠪᠠᠶᠢᠳᠠᠯ ᠢ  ᠰᠢᠢᠳᠪᠤᠷᠢᠯᠠᠬᠦ           1. ᠠᠵᠢᠯᠲᠠᠨ ᠡᠯᠰᠡᠬᠦ ᠶᠠᠪᠤᠴᠠ ᠳᠤ᠂ ᠬᠤᠷᠠᠯ ᠳᠤ ᠣᠷᠣᠯᠴᠠᠭᠰᠠᠳ ᠬᠡᠷᠪᠡ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠴᠡᠭᠡᠵᠢ ᠪᠢᠲᠡᠭᠦᠷᠡᠬᠦ᠂ ᠠᠮᠢᠰᠬᠤᠯ ᠴᠢᠬᠤᠯᠳᠠᠬᠤ᠂ ᠲᠠᠮᠢᠷᠳᠠᠬᠤ᠂ ᠳᠤᠷ᠎ᠠ ᠪᠤᠯᠭᠢᠵᠤ ᠪᠥᠭᠡᠯᠵᠢᠬᠦ᠂ ᠰᠠᠭᠤᠯᠭᠠᠬᠤ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠮᠢᠬ᠎ᠠ ᠱᠠᠷᠬᠢᠷᠠᠨ ᠡᠪᠡᠳᠬᠦ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠭᠠᠷᠪᠠᠯ᠂ ᠲᠤᠰᠠᠭᠠᠷᠯᠠᠬᠤ ᠲᠣᠭᠤᠷᠢᠭ ᠲᠤ ᠬᠦᠷᠭᠡᠵᠦ᠂ ᠳᠠᠷᠤᠶ ᠲᠦᠷᠭᠡᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠭᠡᠵᠦ ᠤᠯᠠᠮ ᠨᠢᠭᠡ ᠠᠯᠬᠤᠮ ᠣᠨᠣᠰᠢᠯᠠᠭᠤᠯᠤᠨ᠎ᠠ︔      2. ᠲᠡᠭᠦᠨ ᠲᠠᠢ ᠨᠢᠭᠲᠠ ᠣᠶᠢᠷᠠᠲᠤᠭᠰᠠᠳ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ  ᠰᠢᠢᠳᠪᠤᠷᠢᠯᠠᠨ᠎ᠠ︔         3. ᠵᠢᠭᠰᠠᠭᠠᠨ ᠪᠠᠶᠢᠴᠠᠭᠠᠭᠳᠠᠭᠰᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠠᠷᠭ᠎ᠠ ᠴᠢᠨᠠᠷ ᠲᠠᠢ ᠪᠠᠶᠢᠪᠠᠯ᠂ ᠬᠤᠰᠢᠭᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ ᠰᠢᠢᠳᠪᠤᠷᠢᠯᠠᠬᠦᠯᠤᠨ᠎ᠠ︔           4. ᠠᠵᠢᠯᠲᠠᠨ ᠡᠯᠰᠡᠬᠦ ᠬᠤᠷᠠᠯ ᠲᠡᠭᠦᠰᠦᠭᠰᠡᠨ ᠤ ᠳᠠᠷᠠᠭᠠᠬᠢ 14 ᠡᠳᠦᠷ ᠤᠨ ᠳᠣᠲᠣᠷ᠎ᠠ᠂ ᠬᠤᠷᠠᠯ ᠳᠤ ᠣᠷᠣᠯᠴᠠᠭᠰᠠᠳ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ ᠪᠠᠶᠢᠪᠠᠯ᠂ ᠡᠷᠬᠡᠪᠰᠢ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠪᠠᠶᠢᠴᠠᠭᠠᠯᠲᠠ ᠬᠢᠬᠦ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ︔       5. ᠬᠤᠷᠠᠯ ᠳᠤ ᠣᠷᠣᠯᠴᠠᠭᠰᠠᠨ ᠪᠣᠶ ᠪᠥᠬᠦᠶ ᠬᠥᠮᠦᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠮᠡᠳᠡᠭᠦᠯᠬᠦ ᠬᠡᠷᠡᠭᠲᠡᠶ᠃ ᠬᠤᠷᠠᠯ ᠳᠤ ᠣᠷᠣᠯᠴᠠᠭᠰᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠵᠥᠷᠢᠴᠡᠭᠰᠡᠨ ᠪᠤᠶᠤ ᠮᠡᠳᠡᠭᠦᠯᠬᠦ ᠥᠬᠡᠶ ᠨᠢᠭᠤᠭᠰᠠᠨ ᠪᠥᠭᠡᠳ ᠬᠦᠨᠳᠦ ᠨᠣᠴᠢᠲᠠᠶ  ᠤᠷᠰᠢᠭ ᠲᠠᠲᠠᠭᠰᠠᠨ ᠪᠠᠶᠢᠪᠠᠯ᠂ ᠡᠷᠬᠡᠪᠰᠢ ᠬᠠᠮᠢᠶ᠎ᠠ ᠪᠥᠬᠦᠶ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃       6. ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠤᠰᠢᠭᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠠᠮᠤᠭ ᠤᠨ ᠰᠢᠨ᠎ᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠳᠣᠭᠢᠷᠠᠭᠤᠯᠤᠨ᠎ᠠ᠂ ᠬᠤᠷᠠᠯ ᠳᠤ ᠣᠷᠣᠯᠴᠠᠭᠰᠠᠨ ᠪᠥᠬᠦ ᠬᠥᠮᠦᠰ ᠠᠯᠪᠠᠨ ᠵᠠᠷ ᠢ ᠨᠢᠭᠲᠠ ᠠᠩᠬᠠᠷᠬᠤ ᠶᠢ ᠬᠦᠰᠡᠵᠦ ᠪᠠᠶᠢᠨ᠎ᠠ᠃ 
ᠢᠷᠡᠯᠲᠡ᠄ ᠲᠤᠰ ᠰᠦᠯᠵᠢᠶ᠎ᠠ