| ᠤᠷᠠᠳ ᠬᠤᠶᠢᠳᠤ ᠰᠡᠷᠬᠡᠶᠢᠯᠠᠨ ᠵᠢᠯᠦᠭᠤᠳᠬᠤ ᠵᠠᠷᠯᠠᠯ ﹇2022﹈ 20 ᠳ᠋ᠤᠭᠠᠷ ᠲᠣᠭᠠᠲᠤ | | ︽ᠭᠠᠳᠠᠨ᠎ᠠ ᠠᠴᠠ ᠬᠠᠯᠳᠠᠪᠤᠷᠢᠯᠠᠨ ᠤᠷᠤᠬᠤ ᠶᠢ ᠰᠡᠷᠭᠡᠶᠢᠯᠡᠨ᠂ ᠳᠣᠲᠣᠭᠠᠳᠤ ᠳᠤ ᠪᠠᠨ ᠳᠠᠬᠢᠨ ᠲᠡᠯᠬᠡᠷᠠᠬᠦ ᠶᠢ ᠰᠡᠷᠭᠡᠶᠢᠯᠡᠬᠦ︾ ᠠᠵᠢᠯ ᠢ ᠰᠠᠶᠢᠲᠤᠷ | ᠬᠢᠬᠦ ᠶᠢᠨ ᠲᠥᠯᠥᠭᠡ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠵᠠᠮ ᠢ ᠪᠦᠲᠦᠮᠵᠢᠲᠡᠶ ᠲᠡᠰᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ | ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠦᠨᠳᠦᠰᠦᠯᠡᠨ᠂ | ᠬᠤᠰᠢᠭᠤᠨ ᠤ ᠰᠢᠨᠠᠲ᠋ᠢᠳᠡᠮᠯᠢᠭᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ 7 | ᠰᠠᠷ᠎ᠠ ᠶᠢᠨ 7 ᠤ ᠡᠳᠦᠷ ᠤᠨ 15᠄ 00 ᠴᠠᠭ ᠠᠴᠠ ᠡᠬᠢᠯᠡᠨ᠂ ᠬᠦᠬᠡᠨ᠋ᠦ᠋ᠨᠳᠤᠷ ᠪᠠᠯᠭᠠᠰᠤᠨ ᠤ ᠰᠢᠨ ᠯᠢ ᠨᠡᠶᠢᠭᠡᠮ ᠲᠣᠭᠤᠷᠢᠭ᠂ ᠰᠢᠨ ᠵᠢᠶᠧ ᠨᠡᠶᠢᠭᠡᠮ ᠲᠣᠭᠤᠷᠢᠭ᠂ | ᠰᠢᠨ ᠬᠤᠶ ᠨᠡᠶᠢᠭᠡᠮ ᠲᠣᠭᠤᠷᠢᠭ᠂ ᠤᠯᠠᠭᠠᠨ ᠲᠤᠭ ᠲᠣᠰᠬᠤᠨ᠂ ᠳ᠋ᠠ ᠱᠤ᠋ ᠸᠠᠨ ᠲᠣᠰᠬᠤᠨ᠂ ᠭᠤᠸᠠᠩ ᠯᠢᠨ ᠲᠣᠰᠬᠤᠨ᠂ ᠪᠠᠷᠠᠭᠤᠨ ᠪᠤᠯᠤᠩ ᠭᠠᠴᠠᠭ᠎ᠠ ᠵᠢᠴᠢ | ᠬᠤᠰᠢᠭᠤᠨ ᠤ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠲᠤ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢᠨ ᠬᠠᠮᠲᠤ | ᠳᠡᠭᠡᠷᠡᠬᠢ ᠣᠷᠣᠨ ᠪᠦᠰᠡ ᠳᠤ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ | ᠳᠣᠣᠷᠠᠬᠢ ᠮᠡᠲᠦ ᠵᠠᠷᠯᠠᠶ᠎ᠠ᠄ | ᠨᠢᠭᠡ᠂ ᠥᠷᠭᠡᠨ ᠤᠯᠠᠨ ᠰᠠᠭᠤᠭᠠᠯᠢ ᠠᠷᠠᠳ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠣᠷᠣᠯᠴᠠᠨ ᠬᠠᠮᠵᠢᠯᠴᠠᠵᠤ᠂ ᠦᠯᠢᠭᠡᠷ ᠠᠪᠬᠤ ᠴᠢᠬ ᠤᠨ ᠠᠵᠢᠯᠳᠠᠨ ᠤ | ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠠ ᠶᠢ ᠲᠠᠭᠠᠵᠤ᠂ ᠦᠯᠢᠭᠡᠷ ᠠᠪᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠴᠥᠮ᠎ᠡ ᠶᠢᠨ ᠬᠦᠴᠢᠯ ᠢ ᠪᠠᠶᠢᠴᠠᠭᠠᠨ | ᠰᠢᠯᠭᠠᠬᠤ ᠠᠵᠢᠯ ᠳᠤ ᠬᠠᠮᠵᠢᠯᠴᠠᠬᠤ ᠶᠢ ᠲᠡᠪᠴᠢᠭᠰᠡᠨ᠂ ᠳᠡᠮᠵᠢᠬᠦ ᠥᠬᠡᠶ᠂ ᠮᠡᠳᠡᠭᠡ ᠵᠠᠩᠭᠢ ᠶᠢ ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ | ᠬᠠᠭᠤᠷᠮᠠᠭᠯᠠᠨ ᠵᠣᠬᠢᠶᠠᠭᠰᠠᠨ᠂ ᠥᠯᠢᠭᠡᠷ ᠠᠪᠬᠤ ᠠᠵᠢᠯ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠬᠥᠮᠦᠰ ᠠᠴᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠬᠠᠤᠯᠢ ᠶᠣᠰᠣᠭᠠᠷ ᠵᠣᠬᠢᠴᠠᠩᠭᠤᠶ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠶᠠᠷ᠂ ᠥᠷᠭᠡᠨ ᠣᠯᠠᠨ ᠰᠠᠭᠤᠭᠠᠯᠢ ᠠᠷᠠᠳ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠨᠣᠮᠧᠷ ᠢᠶᠠᠨ ᠭᠠᠷᠭᠠᠨ ᠦᠵᠡᠭᠦᠯᠵᠦ᠂ ᠭᠠᠷ ᠤᠲᠠᠰᠤ ᠪᠠ | ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ ᠵᠡᠷᠭᠡ ᠬᠦᠴᠦᠨ ᠪᠥᠬᠦᠶ ᠦᠨᠡᠮᠯᠡᠯ ᠢᠶᠠᠨ ᠠᠪᠴᠤ᠂ ᠠᠵᠢᠯᠲᠠᠨ ᠤ ᠮᠡᠳᠡᠭᠳᠡᠭᠰᠡᠨ ᠴᠠᠭ ᠤᠨ ᠶᠣᠰᠣᠭᠠᠷ᠂ | ᠲᠣᠭᠲᠠᠭᠰᠠᠨ ᠥᠯᠢᠭᠡᠷ ᠠᠪᠬᠤ ᠴᠡᠭ ᠲᠤ ᠬᠦᠷᠴᠤ ᠡᠮᠬᠢ ᠵᠢᠷᠤᠮ ᠲᠠᠢ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠪᠠᠶᠢᠴᠠᠭᠠᠬᠤ ᠶᠣᠰᠣᠲᠠᠶ ᠶᠢ ᠨᠢ | ᠴᠥᠮ ᠪᠠᠶᠢᠴᠠᠭᠠᠬᠤ ᠬᠡᠷᠡᠭᠲᠡᠶ︔ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠠᠯᠡᠬᠦᠯᠦᠭᠰᠠᠨ ᠬᠥᠮᠦᠰ ᠪᠠᠶᠢᠴᠠᠭᠠᠨ ᠬᠡᠮᠵᠢᠭᠰᠡᠨ ᠦᠷ᠎ᠡ ᠳ᠋ᠦᠩ ᠭᠠᠷᠬᠤ ᠠᠴᠠ | ᠡᠮᠦᠨ᠎ᠡ ᠭᠠᠳᠠᠬᠰᠢ ᠶᠠᠪᠤᠬᠤ ᠦᠭᠡᠢ᠂ ᠰᠢᠯᠵᠢᠬᠦ ᠦᠭᠡᠢ᠂ ᠴᠤᠬᠯᠠᠷᠠᠬᠤ ᠦᠭᠡᠢ ᠪᠠᠶᠢᠬᠤ ᠬᠡᠷᠡᠭᠳᠠᠢ ᠃ | ᠭᠤᠷᠪᠠ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ᠂ ᠨᠡᠶᠢᠭᠡᠮ ᠲᠣᠭᠤᠷᠢᠭ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠲᠤᠬᠠᠶ ᠳᠤᠨᠢ ᠮᠡᠳᠡᠭᠳᠡᠵᠦ᠂ ᠵᠣᠬᠢᠶᠠᠨ ᠪᠠᠶᠢᠭᠤᠯᠵᠤ᠂ ᠳᠠᠶᠢᠴᠢᠯᠠᠵᠤ ᠪᠠᠶᠢᠭᠠᠳ ᠲᠣᠰ ᠬᠠᠷᠢᠶ᠎ᠠ ᠣᠷᠣᠨ ᠤ | ᠰᠠᠭᠤᠭᠠᠯᠢ ᠠᠷᠠᠳ ᠢ ᠴᠠᠭ ᠬᠤᠭᠤᠴᠠᠭ᠎ᠠ ᠬᠤᠪᠢᠶᠠᠨ ᠥᠯᠢᠭᠡᠷ ᠠᠪᠬᠤ ᠴᠢᠬ ᠲᠤ ᠬᠦᠷᠴᠦ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠶ ᠪᠠᠷ ᠪᠥᠭᠡᠮ | ᠬᠦᠴᠢᠯ ᠤᠨ ᠥᠯᠢᠭᠡᠷ ᠠᠪᠬᠤ ᠬᠡᠷᠡᠭᠲᠡᠶ᠃ | ᠳᠥᠷᠪᠡ᠂ 48 ᠴᠠᠭ ᠤᠨ ᠳᠣᠲᠣᠷ᠎ᠠ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠸᠠᠺᠼᠢᠨ ᠤ ᠲᠠᠷᠢᠯᠭ᠎ᠠ ᠬᠢᠭᠰᠡᠨ ᠰᠠᠭᠤᠭᠠᠯᠢ ᠠᠷᠠᠳ | ᠰᠠᠨᠠᠭᠠᠴᠢᠯᠠᠭ᠎ᠠ ᠠᠴᠠ ᠪᠠᠨ ᠠᠵᠢᠯᠲᠠᠳ ᠲᠤ ᠲᠠᠷᠢᠯᠭ᠎ᠠ ᠶᠢᠨ ᠭᠡᠷᠡᠴᠢ ᠪᠠᠨ ᠦᠵᠡᠭᠦᠯᠵᠦ᠂ ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ | ᠴᠢᠬᠤᠯᠨ ᠥᠬᠡᠶ᠃ | ᠲᠠᠪᠤ᠂ ᠥᠷᠭᠡᠨ ᠣᠯᠠᠨ ᠰᠠᠭᠤᠭᠠᠯᠢ ᠠᠷᠠᠳ ᠥᠯᠢᠭᠡᠷ ᠠᠪᠬᠤ ᠬᠤᠭᠤᠴᠠᠭᠠᠨ ᠳᠠᠬᠢ ᠥᠯᠢᠭᠡᠷ ᠠᠪᠬᠤ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠡᠷᠡᠭᠦᠯ ᠮᠡᠨᠳᠦ ᠶᠢᠨ ᠺᠣᠳ᠋ ︵ᠳᠡᠯᠭᠡᠴᠡ ᠶᠢ | ᠲᠠᠰᠤᠯᠬᠤ ᠶᠢ ᠭᠠᠷ ᠤᠲᠠᠰᠤᠨ ᠤ ᠬᠡᠷᠡᠯ ᠵᠢᠷᠤᠭ ᠤᠨ ᠳᠡᠪᠲᠡᠷ ᠲᠤ ᠬᠠᠳᠠᠭᠠᠯᠠᠨ᠎ᠠ︶ ᠢ ᠤᠷᠢᠳᠴᠢᠯᠠᠨ ᠦᠨᠡᠨ ᠨᠡᠷ᠎ᠡ ᠪᠠᠷ ᠢᠶᠠᠨ ᠭᠤᠶᠤᠴᠢᠯᠠᠨ ᠠᠪᠴᠤ᠂ ᠪᠡᠶ᠎ᠡ ᠶᠢᠨ | ᠦᠨᠡᠮᠯᠡᠯ ᠢᠶᠠᠨ ᠠᠪᠴᠤ ᠲᠣᠭᠲᠠᠭᠰᠠᠨ ᠥᠯᠢᠭᠡᠷ ᠠᠪᠬᠤ ᠴᠡᠭ ᠲᠤ ᠡᠮᠬᠢ ᠵᠢᠷᠤᠮ ᠲᠠᠢ ᠪᠠᠷ ᠬᠦᠷᠴᠦ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢ ᠬᠦᠰᠡᠵᠦ | ᠪᠠᠶᠢᠨ᠎ᠠ᠃ ᠦᠯᠢᠭᠡᠷ ᠠᠪᠬᠤ ᠶᠢ ᠬᠦᠯᠢᠶᠡᠵᠦ ᠪᠠᠶᠢᠭ᠎ᠠ ᠬᠤᠭᠤᠴᠠᠭᠠᠨ ᠳᠤ ᠦᠯᠢᠭᠡᠷ ᠠᠪᠬᠤ ᠭᠠᠵᠠᠷ ᠲᠤ ᠳᠤᠷ᠎ᠠ ᠪᠠᠷ ᠢᠶᠠᠨ ᠣᠴᠢᠵᠤ ᠪᠣᠯᠬᠤ ᠦᠭᠡᠢ᠂ ᠪᠥᠭᠡᠮᠨᠡᠷᠡᠨ | ᠣᠪᠣᠭᠠᠷᠠᠬᠤ ᠦᠵᠡᠭᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠪᠦᠬᠦᠨ ᠢ ᠭᠠᠷᠭᠠᠵᠤ ᠥᠭᠬᠦ ᠠᠴᠠ | ᠡᠮᠦᠨ᠎ᠡ᠂ ᠥᠯᠢᠭᠡᠷ ᠠᠪᠬᠤ ᠬᠥᠮᠦᠰ ᠵᠠᠪᠠᠯ ᠭᠠᠳᠠᠭᠰᠢ ᠭᠠᠷᠬᠤ ᠥᠬᠡᠶ ᠪᠠᠶᠢᠬᠤ ᠬᠡᠷᠡᠭᠲᠡᠶ᠃ ᠡᠭᠦᠨ ᠤ ᠬᠠᠮᠲᠤ ᠠᠮᠠᠪᠴᠢ ᠵᠡᠭᠦᠬᠦ᠂ ᠨᠢᠭᠡ ᠮᠧᠲᠷ ᠤᠨ ᠱᠤᠭᠤᠮ ᠵᠡᠷᠭᠡ | ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠴᠤᠭᠯᠠᠷᠠᠬᠤ ᠥᠬᠡᠶ᠂ ᠵᠤᠭᠤᠬᠳᠠᠬᠤ ᠥᠬᠡᠶ᠂ ᠥᠯᠢᠭᠡᠷ ᠠᠪᠴᠤ | ᠪᠠᠷᠠᠭᠰᠠᠨ ᠤ ᠳᠠᠷᠠᠭ᠎ᠠ ᠳᠠᠷᠦ᠋ᠢᠬᠠᠨ ᠥᠯᠢᠭᠡᠷ ᠠᠪᠬᠤ ᠴᠡᠭ ᠠᠴᠠ ᠰᠠᠯᠤᠨ᠎ᠠ᠃ ᠨᠠᠮ ᠤᠨ ᠭᠡᠰᠢᠭᠦᠨ ᠺᠠᠳ᠋ᠷᠴᠤᠳ ᠦᠯᠢᠭᠡᠷ ᠠᠪᠬᠤ ᠬᠤᠭᠤᠴᠠᠭᠠᠨ ᠳᠠᠬᠢ ᠵᠣᠬᠢᠶᠠᠨ | ᠪᠠᠶᠢᠭᠤᠯᠬᠤ ᠪᠠ ᠳᠠᠶᠢᠴᠢᠯᠠᠬᠤ ᠠᠵᠢᠯ ᠳᠤ ᠲᠦᠷᠦᠭᠦᠯᠡᠨ ᠢᠳᠡᠪᠬᠢᠲᠡᠶ ᠣᠷᠣᠯᠴᠠᠵᠤ᠂ ᠪᠥᠭᠡᠮ ᠬᠦᠴᠢᠯ ᠢ ᠰᠢᠯᠭᠠᠨ ᠪᠠᠶᠢᠴᠠᠭᠠᠵᠤ ᠦᠯᠢᠭᠡᠷ ᠠᠪᠬᠤ ᠠᠵᠢᠯ ᠤᠨ | ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ | ᠵᠢᠷᠭᠤᠭ᠎ᠠ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠬᠤᠭᠤᠴᠠᠭᠠᠨ ᠳᠤ᠂ ᠥᠨᠳᠥᠷ ᠨᠠᠰᠤᠲᠠᠶ ᠨᠠᠰᠤᠲᠠᠨ᠂ ᠨᠢᠯᠬ᠎ᠠ ᠬᠡᠤᠬᠡᠳ᠂ ᠵᠡᠮᠳᠡᠭ ᠬᠥᠮᠦᠰ | ᠵᠡᠷᠭᠡ ᠤᠨᠴᠠᠭᠠᠢ ᠬᠦᠴᠢᠷᠳᠡᠯ ᠲᠠᠢ ᠰᠠᠭᠤᠭᠠᠯᠢ ᠠᠷᠠᠳ ᠤᠨ ᠪᠠᠶᠢᠭ᠎ᠠ ᠨᠡᠶᠢᠭᠡᠮ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠮᠡᠳᠡᠭᠳᠡᠵᠦ᠂ ᠠᠵᠢᠯᠳᠠᠳ ᠬᠡᠷ ᠲᠤᠨᠢ | ᠬᠦᠷᠴᠦ ᠥᠯᠢᠭᠡᠷ ᠠᠪᠬᠤ ᠶᠢ ᠬᠦᠯᠢᠶᠡᠬᠦ ᠬᠡᠷᠡᠭᠲᠡᠶ᠃ | ᠳᠣᠯᠤᠭ᠎ᠠ᠂ ᠪᠥᠭᠡᠮ ᠬᠦᠴᠢᠯ ᠤᠨ ᠥᠯᠢᠭᠡᠷ ᠠᠪᠤᠭᠰᠠᠨ ᠦᠷ᠎ᠡ ᠳ᠋ᠦᠩ ᠢ ᠸᠢᠴᠠᠲ ᠳᠠᠬᠢ ︽ᠪᠠᠶᠠᠨᠨᠠᠭᠤᠷ ᠤᠨ ᠡᠷᠡᠭᠦᠯ ᠮᠡᠨᠳᠦ ᠶᠢ ᠡᠳ᠋ᠯᠠᠬᠦ︾ ᠭᠡᠬᠦ | ᠵᠢᠵᠢᠭ ᠫᠷᠤᠭ᠍ᠷᠠᠮ ᠢᠶᠠᠷ ᠪᠠᠶᠢᠴᠠᠭᠠᠨ ᠯᠠᠪᠯᠠᠵᠤ ᠪᠣᠯᠤᠨ᠎ᠠ᠂ ᠴᠠᠭᠠᠰᠤᠨ ᠮᠡᠳᠡᠭᠦᠯᠦᠯᠲᠡ ᠠᠪᠬᠤ ᠴᠢᠬᠤᠯᠠ ᠥᠬᠡᠶ᠃ | ᠨᠡᠢᠮᠨ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠬᠤᠭᠤᠴᠠᠭᠠᠨ ᠳᠤ᠂ ᠪᠠᠶᠢᠴᠠᠭᠠᠨ ᠰᠢᠯᠭᠠᠬᠤ ᠣᠷᠣᠨ ᠳᠤ ᠲᠣᠭᠲᠠᠩᠭᠤᠶ ᠬᠠᠮᠢᠶᠠᠷᠤᠯᠲᠠ ᠶᠢ | ᠬᠡᠷᠡᠭᠵᠢᠭᠦᠯᠵᠦ᠂ ᠬᠦᠬᠡᠨ᠋ᠦ᠋ᠠᠳᠦᠷ ᠪᠠᠯᠭᠠᠰᠤ ᠶᠢᠨ ᠪᠠᠶᠢᠴᠠᠭᠠᠨ ᠰᠢᠯᠭᠠᠬᠤ ᠣᠷᠣᠨ ᠤ ᠳᠣᠲᠣᠷᠠᠬᠢ ᠪᠣᠶ ᠪᠥᠬᠦᠶ ᠵᠠᠮ ᠪᠠ ᠨᠡᠶᠢᠭᠡᠮ ᠲᠣᠭᠤᠷᠢᠭ᠂ ᠵᠢᠵᠢᠭ ᠲᠣᠭᠤᠷᠢᠭ ᠤᠨ | ᠣᠷᠣᠵᠤ ᠭᠠᠷᠬᠤ ᠭᠠᠵᠠᠷ ᠲᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠬᠤᠰᠢᠭᠤᠨ ᠤ ᠵᠢᠯᠣᠭᠤᠳᠬᠤ ᠭᠠᠵᠠᠷ ᠤᠨ ᠵᠥᠪᠰᠢᠶᠡᠷᠡᠯ | ᠥᠬᠡᠶ ᠪᠠᠷ ᠶᠠᠮᠠᠷᠪᠠ ᠲᠡᠷᠭᠡ ᠬᠥᠰᠬᠡ᠂ ᠬᠥᠮᠦᠨ ᠣᠷᠣᠵᠤ ᠭᠠᠷᠴᠤ ᠪᠣᠯᠬᠤ ᠥᠬᠡᠶ᠃ | ᠥᠷᠭᠡᠨ ᠤᠯᠠᠨ ᠰᠠᠭᠤᠭᠠᠯᠢ ᠠᠷᠠᠳ ᠤᠨ ᠬᠢᠵᠢᠭ ᠤᠨ ᠢᠳᠡᠪᠬᠢᠳᠠᠢ ᠬᠠᠮᠵᠢᠯᠴᠠᠭᠰᠠᠨ ᠳᠤ ᠲᠠᠯᠠᠷᠬᠠᠵᠤ ᠪᠠᠶᠢᠨ᠎ᠠ︕ | | | | ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ | 2022 ᠣᠨ ᠤ 7 ᠰᠠᠷ᠎ᠠ ᠶᠢᠨ 7 ᠤ ᠡᠳᠤᠷ | |