ᠤᠷᠠᠳ ᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2022/8/13
      ᠡᠭᠦᠷᠭᠡ ᠴᠢᠳᠠᠪᠤᠷᠢ ᠶᠢᠨ ᠲᠤᠬᠢᠷᠠᠭᠤᠯᠤᠯᠳᠠ          1. ᠨᠠᠮ ᠪᠠ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠰᠤᠷᠭᠠᠨ ᠬᠥᠮᠦᠵᠢᠯ ᠤᠨ  ᠦᠢᠯᠡᠰ  ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠪᠠᠶᠢᠭᠤᠯᠤᠮᠵᠢ ᠪᠣᠯᠤᠨ ᠰᠤᠷᠭᠠᠭᠤᠯᠢ ᠡᠷᠭᠢᠯᠡᠬᠦ ᠪᠠᠶᠢᠭᠤᠯᠤᠮᠵᠢ ᠵᠡᠷᠭᠡ ᠲᠠᠯ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠵᠢᠭᠦᠯᠵᠦ᠂ ᠵᠣᠬᠢᠴᠠᠭᠤᠯᠤᠨ ᠵᠢᠯᠣᠭᠤᠳᠴᠤ᠂ ᠪᠥᠬᠦ ᠬᠤᠰᠢᠭᠤᠨ ᠤ ᠰᠤᠷᠭᠠᠭᠤᠯᠢ ᠶᠢᠨ ᠪᠠᠶᠢᠷᠢᠰᠢᠯ ᠢ ᠲᠥᠯᠥᠪᠵᠢᠭᠦᠯᠦᠨ ᠳᠣᠭᠢᠷᠠᠭᠤᠯᠤᠨ᠎ᠠ᠃          2. ᠪᠥᠬᠦ ᠬᠤᠰᠢᠭᠤᠨ ᠤ ᠪᠠᠭᠰᠢ ᠪᠣᠯᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠬᠦ ᠶᠢᠨ ᠬᠠᠮᠲᠤ ᠵᠢᠯᠣᠭᠤᠳᠴᠤ᠂ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠰᠤᠷᠭᠠᠭᠤᠯᠢ᠂ ᠲᠣᠪᠴᠢᠶ᠎ᠠ ᠶᠢᠨ ᠬᠠᠷᠢᠶ᠎ᠠ ᠨᠢᠭᠡᠴᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯᠲᠠᠨ ᠢ ᠰᠣᠩᠭᠤᠨ ᠳᠡᠪᠰᠢᠭᠦᠯᠬᠦ᠂ ᠪᠣᠯᠪᠠᠰᠤᠷᠠᠭᠤᠯᠬᠤ᠂ ᠲᠣᠮᠢᠯᠠᠵᠤ ᠪᠠᠭᠤᠯᠭᠠᠬᠤ᠂ ᠬᠢᠨᠠᠨ ᠰᠢᠯᠭᠠᠬᠤ᠂ ᠱᠠᠩᠨᠠᠵᠤ ᠲᠣᠷᠭᠠᠬᠤ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠶᠡᠭᠡ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠪᠠᠭᠰᠢ ᠶᠢᠨ ᠡᠩᠨᠡᠭᠡ ᠶᠢ ᠬᠠᠮᠢᠶᠠᠷᠴᠤ᠂ ᠬᠤᠰᠢᠭᠤᠨ ᠤ ᠪᠠᠭᠰᠢ ᠶᠢ ᠰᠢᠯᠵᠢᠭᠦᠯᠦᠨ ᠲᠣᠬᠢᠷᠠᠭᠤᠯᠬᠤ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠬᠤ ᠪᠠ ᠤᠷᠢᠨ ᠬᠡᠷᠡᠭᠯᠡᠬᠦ ᠶᠢ ᠬᠠᠷᠢᠭᠤᠴᠠᠨ᠎ᠠ︔ ᠪᠥᠬᠦ ᠬᠤᠰᠢᠭᠤᠨ ᠤ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ︔ ᠪᠠᠭᠰᠢ ᠶᠢᠨ ᠲᠤᠰᠢᠶᠠᠯ ᠤᠨ ᠬᠢᠷᠢ ᠬᠡᠮ ᠢ ᠬᠢᠨᠠᠨ ᠲᠣᠭᠲᠠᠭᠠᠬᠤ ᠠᠵᠢᠯ ᠳᠤ ᠣᠷᠣᠯᠴᠠᠬᠤ ᠶᠢᠨ ᠬᠠᠮᠲᠤ ᠳᠠᠭᠠᠭᠠᠨ ᠡᠷᠭᠢᠯᠡᠨ᠎ᠡ᠃          3. ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠦᠭᠡ ᠬᠡᠯᠡ ᠥᠰᠥᠭ ᠪᠢᠴᠢᠭ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠠᠵᠢᠯ ᠤᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠰᠠᠯᠠᠭ᠎ᠠ ᠮᠥᠴᠢᠷ᠂ ᠠᠵᠢᠯ ᠲᠦᠷᠦᠯ ᠤᠨ ᠤᠯᠤᠰ ᠤᠨ ᠨᠡᠶᠢᠳᠡᠮ ᠬᠡᠷᠡᠭᠯᠡᠬᠦ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠢ ᠵᠣᠬᠢᠴᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ᠨᠡᠶᠢᠲᠡᠯᠢᠭ ᠬᠡᠯᠡ ᠪᠠ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠᠭᠰᠢ ᠶᠢᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃          4. ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠴᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠨᠳᠦᠰᠦᠨ ᠮᠡᠳᠡᠭᠡ ᠵᠠᠩᠭᠢ ᠶᠢ ᠪᠦᠷᠢᠳᠬᠡᠬᠦ᠂ ᠵᠠᠳᠠᠯᠬᠤ ᠪᠠ ᠨᠡᠶᠢᠲᠡᠯᠡᠬᠦ ᠶᠢ ᠬᠠᠷᠢᠭᠤᠴᠠᠨ᠎ᠠ᠃          5. ᠲᠣᠰ ᠰᠠᠯᠠᠭ᠎ᠠ ᠮᠥᠴᠢᠷ ᠤᠨ ᠢᠶᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠬᠠᠷᠢᠭᠤᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠵᠠᠷᠤᠳᠠᠯ ᠢ ᠴᠤᠭᠯᠠᠭᠤᠯᠵᠤ ᠬᠡᠷᠡᠭᠯᠡᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠰᠤᠷᠭᠠᠭᠤᠯᠢ ᠶᠢᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠵᠠᠷᠤᠳᠠᠯ ᠢ ᠴᠤᠭᠯᠠᠭᠤᠯᠵᠤ ᠬᠡᠷᠡᠭᠯᠡᠬᠦ ᠶᠢ ᠵᠢᠯᠣᠭᠤᠳᠤᠨ ᠬᠠᠮᠢᠶᠠᠷᠬᠤ ᠪᠠ ᠬᠢᠨᠠᠯᠲᠠ ᠲᠠᠯᠪᠢᠨ᠎ᠠ︔ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠵᠠᠷᠤᠳᠠᠯ ᠢ ᠪᠦᠷᠢᠳᠬᠡᠬᠦ ᠠᠵᠢᠯ ᠢ ᠬᠠᠷᠢᠭᠤᠴᠠᠨ᠎ᠠ︔ ᠬᠡᠷ ᠪᠦᠯᠢ ᠨᠢ ᠬᠦᠴᠢᠷᠳᠡᠯᠲᠡᠶ ᠰᠤᠷᠤᠭᠴᠢᠳ ᠢ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          6. ᠰᠠᠭᠤᠷᠢ ᠰᠤᠷᠭᠠᠨ ᠬᠥᠮᠦᠵᠢᠯ  ᠤᠨ ᠥᠭᠡᠷᠡᠴᠢᠯᠡᠯᠲᠡ ᠬᠢᠭᠡᠳ ᠬᠥᠭᠵᠢᠯᠲᠡ ᠶᠢ ᠵᠢᠯᠣᠭᠤᠳᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠪᠠ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠬᠤ ᠶᠢ ᠬᠠᠷᠢᠭᠤᠴᠠᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠷᠠᠳ ᠠᠴᠠ ᠡᠷᠭᠢᠯᠡᠭᠰᠡᠨ ᠰᠠᠭᠤᠷᠢ ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠠ ᠣᠨᠴᠣᠭᠤᠶ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠦᠨᠳᠦᠰᠦᠨ ᠱᠠᠭᠠᠷᠳᠠᠯᠭ᠎ᠠ ᠶᠢ ᠲᠣᠭᠲᠠᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠵᠢᠯᠣᠭᠤᠳᠤᠨ᠎ᠠ᠃ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠤᠨ ᠬᠠᠮᠢᠶᠠᠷᠴᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠨᠢᠭᠡᠳᠦᠯᠲᠡᠶ ᠲᠥᠯᠥᠪᠵᠢᠭᠦᠯᠭᠡ ᠪᠠ ᠬᠤᠷᠸ᠎ᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠤᠷᠸ᠎ᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠰᠤᠷᠭᠠᠭᠤᠯᠢ ᠡᠷᠭᠢᠯᠡᠬᠦ ᠡᠮᠬᠢ ᠳᠢᠭᠯᠢᠮ ᠢ ᠵᠢᠷᠤᠮᠵᠢᠭᠤᠯᠤᠨ᠎ᠠ᠃          7. ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠢᠯᠣᠭᠤᠳᠴᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠥᠯᠥᠪᠵᠢᠭᠦᠯᠦᠨ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠠᠵᠢᠯ ᠢ  ᠵᠢᠯᠤᠭᠤᠳᠤᠨ᠎ᠠ᠃         8. ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠳᠤ ᠬᠢᠨᠠᠯᠲᠠ ᠲᠠᠯᠪᠢᠬᠤ ᠪᠠ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠬᠠᠷᠢᠭᠤᠴᠠᠨ᠎ᠠ︔ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃          9. ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠢ ᠬᠠᠷᠢᠭᠤᠴᠠᠨ᠎ᠠ︔ ᠪᠥᠬᠦ ᠬᠤᠰᠢᠭᠤᠨ ᠤ ᠰᠤᠷᠭᠠᠭᠤᠯᠢ ᠶᠢᠨ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠥᠷᠥ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠥᠯᠥᠪᠵᠢᠭᠦᠯᠦᠨ ᠵᠢᠯᠣᠭᠤᠳᠤᠨ᠎ᠠ︔ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠬᠠᠷᠢᠭᠤᠴᠠᠨ᠎ᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠰᠡᠷᠭᠡᠶᠢᠯᠡᠬᠦ᠂ ᠶᠡᠷᠦᠩᠬᠡᠶᠢᠯᠡᠨ ᠵᠠᠰᠠᠬᠤ ᠪᠠ ᠲᠣᠭᠲᠠᠭᠤᠨ ᠪᠠᠶᠢᠯᠭᠠᠬᠤ ᠠᠵᠢᠯ ᠢ ᠬᠠᠷᠢᠭᠤᠴᠠᠨ᠎ᠠ᠃          10᠂ ᠪᠥᠬᠦ ᠬᠤᠰᠢᠭᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ  ᠰᠤᠷᠭᠠᠭᠤᠯᠢ ᠳᠤ ᠣᠷᠣᠬᠤ ᠠᠵᠢᠯ ᠢ ᠬᠠᠷᠢᠭᠤᠴᠠᠵᠤ︔ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ  ᠬᠠᠷᠢᠶᠠᠯᠠᠯ ᠤᠨ ᠬᠠᠮᠢᠶᠠᠷᠤᠯᠲᠠ ᠶᠢᠨ  ᠠᠵᠢᠯ ᠢ ᠬᠠᠷᠢᠭᠤᠴᠠᠨ᠎ᠠ᠃       11᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠵᠢᠭᠠᠨ ᠰᠤᠷᠭᠠᠯᠲᠠ ᠶᠢᠨ ᠰᠤᠳᠤᠯᠭᠠᠨ ᠪᠠ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠲᠥᠯᠥᠪᠵᠢᠭᠦᠯᠦᠨ ᠵᠢᠯᠣᠭᠤᠳᠬᠤ ᠶᠢᠨ ᠬᠠᠮᠲᠤ ᠳᠥᠯᠭᠢᠨ ᠠᠬᠢᠭᠤᠯᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠠᠵᠢᠯ ᠢ ᠳᠥᠯᠭᠢᠨ ᠠᠬᠢᠭᠤᠯᠤᠨ᠎ᠠ᠃          12᠂ ᠰᠤᠷᠭᠠᠭᠤᠯᠢ ᠶᠢᠨ ᠨᠠᠮ᠂ ᠵᠠᠰᠠᠭ᠂ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠬᠢ᠂ ᠨᠡᠶᠢᠭᠡᠮ ᠤᠨ ᠪᠦᠯᠬᠦᠮ ᠤᠨ ᠠᠵᠢᠯ ᠢ ᠵᠢᠯᠣᠭᠤᠳᠴᠤ᠂ ᠰᠤᠷᠭᠠᠨ ᠬᠥᠮᠦᠵᠢᠯ ᠤᠨ ᠰᠠᠬᠢᠯᠭ᠎ᠠ ᠪᠠᠲᠤ ᠪᠠᠶᠢᠴᠠᠭᠠᠬᠤ᠂ ᠵᠠᠬᠢᠳᠠᠯ ᠰᠤᠷᠪᠤᠯᠵᠢᠯᠠᠭ᠎ᠠ ᠬᠢᠬᠦ ᠪᠠ ᠠᠵᠢᠯ ᠲᠦᠷᠦᠯ ᠤᠨ ᠰᠤᠷᠲᠠᠯ ᠤᠨ ᠪᠠᠶᠢᠭᠤᠯᠤᠯᠲᠠ ᠶᠢ ᠬᠠᠷᠢᠭᠤᠴᠠᠨ᠎ᠠ᠃          13᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠣᠨᠤᠭ ᠲᠥᠬᠦᠭᠡᠷᠦᠮᠵᠢ ᠶᠢᠨ ᠪᠠᠶᠢᠭᠤᠯᠤᠯᠲᠠ ᠪᠠ ᠠᠷᠤ ᠲᠠᠯ᠎ᠠ ᠶᠢᠨ ᠦᠶ᠋ᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠵᠢᠭᠦᠯᠬᠦ ᠶᠢᠨ ᠬᠠᠮᠲᠤ ᠵᠢᠯᠣᠭᠤᠳᠤᠨ᠎ᠠ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠬᠤᠯᠪᠣᠭᠳᠠᠯ ᠪᠥᠬᠦᠶ ᠠᠵᠢᠯ ᠲᠥᠷᠥᠯ᠂ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠶᠢ ᠬᠠᠷᠢᠭᠤᠴᠠᠨ᠎ᠠ᠃          14᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠲᠤᠰ ᠰᠦᠯᠵᠢᠶ᠎ᠠ