ᠤᠷᠠᠳ ᠤᠨ ᠬᠤᠶᠢᠲᠤ ᠬᠤᠰᠢᠭᠤᠨ ᠤ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠣᠯᠳᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/8/13
        ᠳᠣᠲᠣᠭᠠᠳᠤ ᠪᠠᠶᠢᠭᠤᠯᠤᠮᠵᠢ  ᠶᠢᠨ ᠡᠭᠦᠷᠭᠡ ᠬᠠᠷᠢᠭᠤᠴᠠᠯᠭ᠎ᠠ         ︵ᠨᠢᠭᠡ︶ ᠠᠯᠪᠠᠨ ᠭᠡᠷ         ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠲᠠᠩᠰᠠ ᠡᠪᠬᠡᠮᠡᠯ᠂ ᠨᠢᠭᠤᠴᠠ ᠴᠢᠬᠤᠯᠠ ᠮᠠᠲ᠋ᠧᠷᠢᠶᠠᠯ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠮᠡᠳᠡᠭᠡ ᠵᠠᠩᠭᠢ᠂ ︽ᠭᠤᠷᠪᠠᠨ ᠶᠠᠪᠤᠳᠠᠯ︾ ᠢ ᠢᠯᠡ ᠪᠣᠯᠭᠠᠬᠤ᠂ ᠨᠢᠭᠤᠴᠠ ᠶᠢ ᠬᠠᠮᠠᠭᠠᠯᠠᠬᠤ᠂ ᠰᠦᠯᠵᠢᠶᠡᠨ ᠤ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ᠂ ᠶᠡᠷᠦᠩᠬᠡᠶᠢᠯᠡᠨ ᠵᠠᠰᠠᠵᠤ ᠲᠣᠭᠲᠠᠭᠤᠨ ᠢ ᠬᠠᠮᠠᠭᠠᠯᠠᠬᠤ᠂ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠢ ᠲᠤᠭᠤᠷᠪᠢᠬᠤ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠡᠳ᠋ ᠤᠨ ᠶᠠᠪᠤᠳᠠᠯ᠂ ᠲᠤᠨᠤᠭ ᠲᠥᠬᠦᠭᠡᠷᠦᠮᠵᠢ ᠪᠠ ᠡᠳ᠋ ᠬᠦᠷᠦᠩᠭᠡ ᠶᠢᠨ ᠬᠠᠮᠢᠶᠠᠷᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠣᠲᠣᠭᠠᠳᠤ ᠶᠢᠨ ᠬᠢᠨᠠᠨ ᠪᠤᠳᠤᠬᠤ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠺᠠᠳ᠋ᠷ ᠠᠵᠢᠯᠳᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠶᠢᠨ ᠴᠠᠯᠢᠩ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠵᠡᠷᠭᠡ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠶᠢᠨ ᠨᠠᠮ ᠪᠠ ᠤᠯᠠᠨ ᠲᠦᠮᠡᠨ ᠵᠢᠴᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠲᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃         ︵ᠬᠤᠶᠠᠷ︶ ᠶᠡᠷᠦᠩᠬᠡᠶᠢᠯᠡᠨ ᠵᠣᠬᠢᠴᠠᠭᠤᠯᠬᠤ ᠰᠲ᠋ᠣᠺ         ᠠᠶᠤᠯ ᠥᠭᠡᠢ ᠦᠢᠯᠡᠳᠪᠦᠷᠢᠯᠡᠯ  ᠤᠨ ᠭᠤᠣᠯᠴᠢᠯᠠᠨ ᠬᠠᠮᠢᠶᠠᠷᠬᠤ ᠲᠤᠰᠬᠠᠶ ᠰᠠᠯᠠᠭ᠎ᠠ ᠮᠥᠴᠢᠷ ᠲᠠᠢ ᠠᠵᠢᠯ ᠲᠥᠷᠥᠯ ᠪᠣᠯᠤᠨ ᠠᠶᠤᠯ ᠥᠭᠡᠢ ᠦᠢᠯᠡᠳᠪᠦᠷᠢᠯᠡᠯ  ‍ᠤᠨ‌‍ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠤᠯᠢ ᠲᠣᠭᠲᠠᠭᠠᠯ ᠶᠣᠰᠣᠭᠠᠷ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠴᠢᠨᠠᠷᠲᠠᠶ ᠠᠶᠤᠯᠭᠦᠶ ᠦᠶ᠋ᠯᠡᠳᠪᠦᠷᠢᠯᠡᠯ ᠤᠨ ᠪᠠᠶᠢᠴᠠᠭᠠᠯᠲᠠ ᠵᠢᠴᠢ ᠲᠤᠰᠬᠠᠶ ᠵᠦᠢᠯ ᠤᠨ ᠬᠢᠨᠠᠨ ᠪᠠᠶᠢᠴᠠᠭᠠᠯᠲᠠ᠂ ᠲᠤᠰᠬᠠᠶ ᠵᠦᠶ᠋ᠯ ᠤᠨ ᠴᠡᠭᠴᠡᠯᠡᠨ ᠵᠠᠰᠠᠯᠲᠠ᠂ ᠠᠶᠤᠯᠭᠦᠶ ᠦᠶ᠋ᠯᠡᠳᠪᠦᠷᠢᠯᠡᠯ ᠵᠢᠴᠢ ᠬᠠᠮᠢᠶ᠎ᠠ ᠪᠥᠬᠦᠶ ᠤᠬᠠᠭᠤᠯᠭ᠎ᠠ ᠪᠣᠯᠪᠠᠰᠤᠷᠠᠭᠤᠯᠤᠯ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠶᠤᠯᠭᠦᠶ ᠦᠶ᠋ᠯᠡᠳᠪᠦᠷᠢᠯᠡᠯ ᠤᠨ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠪᠦᠷᠢᠳᠬᠡᠬᠦ᠂ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠪᠣᠳᠠᠲᠠᠶ ᠠᠵᠢᠯ ᠢ ᠡᠭᠦᠷᠭᠡᠯᠡᠨ᠎ᠡ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃         ︵ᠭᠤᠷᠪᠠ︶ ᠠᠭᠤᠷᠬᠠᠶ ᠶᠢᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ         ᠪᠥᠬᠦ ᠬᠤᠰᠢᠭᠤᠨ ᠤ ᠨᠡᠭᠦᠷᠡᠰᠦᠨ ᠠᠭᠤᠷᠬᠠᠶ ᠶᠢᠨ ᠪᠤᠰᠤ ᠠᠭᠤᠷᠬᠠᠶ ︵ᠦᠯᠡᠳᠡᠭᠳᠡᠯ ᠬᠦᠳᠡᠷ ᠤᠨ ᠬᠥᠮᠥᠷᠭᠡ᠂ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ᠂ ᠮᠠᠯᠲᠠᠬᠤ ᠪᠠᠷᠢᠯᠭ᠎ᠠ᠂ ᠬᠦᠳᠡᠷ ᠰᠢᠯᠢᠬᠦ  ᠦᠢᠯᠡᠳᠪᠤᠷᠢ ᠵᠡᠷᠭᠡ ᠪᠠᠭᠲᠠᠨ᠎ᠠ︶ ᠶᠢᠨ ᠠᠶᠤᠯ ᠥᠬᠡᠶ ᠦᠶ᠋ᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠨᠡᠭᠦᠷᠡᠰᠦᠨ ᠠᠭᠤᠷᠬᠠᠶ ᠶᠢᠨ ᠪᠤᠰᠤ  ᠦᠢᠯᠡᠳᠪᠤᠷᠢᠯᠠᠯ ᠡᠵᠡᠩᠨᠡᠯᠲᠡ ᠶᠢᠨ ᠨᠢᠭᠡᠴᠡ ᠶᠢᠨ ᠠᠶᠤᠯ ᠥᠬᠡᠶ ᠦᠢᠯᠡᠳᠪᠤᠷᠢᠯᠠᠯ  ᠤᠨ ᠪᠠᠷᠢᠮᠵᠢᠶᠠᠵᠢᠭᠤᠯᠤᠯᠲᠠ᠂ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠠᠮᠢᠶ᠎ᠠ ᠪᠥᠬᠦᠢ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠠᠵᠢᠯ ᠲᠥᠷᠥᠯ ᠤᠨ ᠲᠥᠷᠢᠮ᠂ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ  ᠢ ᠬᠠᠤᠯᠢ ᠶᠣᠰᠣᠭᠠᠷ ᠰᠢᠮᠳᠠᠭᠤᠯᠤᠨ ᠪᠠᠶᠢᠴᠠᠭᠠᠵᠤ᠂ ᠨᠡᠭᠦᠷᠡᠰᠦᠨ ᠪᠤᠰᠤ ᠠᠭᠤᠷᠬᠠᠶ ᠶᠢᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ  ᠢ ᠡᠭᠦᠷᠭᠡᠯᠡᠨ᠎ᠡ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃         ︵ᠲᠥᠷᠪᠡ︶ ᠠᠶᠤᠯᠲᠠᠶ ᠬᠢᠮᠢ ᠶᠢᠨ ᠵᠦᠢᠯ ᠟ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ         ᠬᠢᠮᠢ ᠶᠢᠨ ᠠᠵᠤ ᠦᠶ᠋ᠯᠡᠳᠪᠦᠷᠢ ︵ᠴᠢᠯᠠᠭᠤᠨ ᠲᠣᠰᠣᠨ ᠤ ᠬᠢᠮᠢ ᠶᠢᠨ ᠠᠵᠤ  ᠦᠢᠯᠡᠳᠪᠤᠷᠢ ᠶᠢ ᠪᠠᠭᠲᠠᠭᠠᠨ᠎ᠠ︶᠂ ᠡᠮ ᠡᠮᠨᠡᠯᠭᠡ᠂ ᠠᠶᠤᠯᠲᠠᠶ ᠬᠢᠮᠢ ᠶᠢᠨ ᠪᠣᠳᠠᠰ ᠪᠠ ᠬᠤᠸᠠᠷ ᠫᠤᠤᠵᠢᠩ ᠤᠨ ᠠᠶᠤᠯ ᠥᠬᠡᠶ‌ᠦᠢᠯᠡᠳᠪᠤᠷᠢᠯᠠᠯ ᠤᠨ ᠬᠢᠨᠠᠯᠲᠠ ᠬᠠᠮᠢᠶᠠᠷᠤᠯᠲᠠ ᠵᠢᠴᠢ ᠵᠢᠵᠢᠭᠯᠡᠨ ᠬᠤᠳᠠᠯᠳᠤᠬᠤ ᠵᠥᠪᠰᠢᠶᠡᠷᠡᠯ ᠤᠨ ᠬᠢᠨᠠᠨ ᠵᠥᠪᠰᠢᠶᠡᠷᠡᠯ ᠢ  ᠬᠦᠢᠴᠠᠳᠬᠡᠬᠦ ᠵᠡᠷᠭᠡ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠠᠵᠢᠯ ᠲᠥᠷᠥᠯ ᠤᠨ ᠠᠶᠤᠯ ᠥᠬᠡᠶ ᠦᠢᠯᠡᠳᠪᠤᠷᠢᠯᠠᠯ  ᠤᠨ ᠲᠦᠷᠢᠮ ᠲᠣᠭᠲᠠᠭᠠᠯ᠂ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠠᠶᠤᠯ ᠥᠬᠡᠶ ᠦᠢᠯᠡᠳᠪᠤᠷᠢᠯᠠᠯ  ᠤᠨ ᠪᠠᠷᠢᠮᠵᠢᠶᠠᠵᠢᠭᠤᠯᠤᠯᠲᠠ᠂ ᠳᠠᠪᠬᠤᠷ ᠰᠡᠷᠭᠡᠶᠢᠯᠡᠯᠲᠡ ᠶᠢᠨ ᠲᠣᠭᠲᠠᠴᠠ ᠶᠢᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠡᠭᠦᠷᠭᠡᠯᠡᠨ᠎ᠡ᠃ ᠡᠮ ᠤᠨ  ᠵᠦᠢᠯ ᠤᠨ ᠪᠤᠰᠤ ᠲᠥᠷᠥᠯ ᠤᠨ ᠬᠤᠤᠷᠲᠤ ᠡᠳ᠋  ᠦᠢᠯᠡᠳᠬᠦ ᠳᠤ ᠬᠢᠯᠪᠠᠷ ᠬᠢᠮᠢ ᠶᠢᠨ ᠵᠦᠢᠯ ᠤᠨ ᠦᠢᠯᠡᠳᠪᠤᠷᠢᠯᠠᠯ ᠡᠵᠡᠩᠨᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃         ︵ᠲᠠᠪᠤ︶ ᠲᠡᠮᠦᠷᠯᠢᠭ  ᠤᠨ ᠠᠵᠤ ᠦᠢᠯᠡᠳᠪᠦᠷᠢ ᠠᠷᠠᠯᠵᠢᠶᠠᠨ  ᠤ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ         ᠲᠡᠮᠦᠷᠯᠢᠭ ᠪᠣᠯᠪᠠᠰᠤᠷᠠᠭᠤᠯᠬᠤ᠂ ᠥᠩᠭᠡᠲᠦ ᠲᠡᠮᠦᠷᠯᠢᠭ᠂ ᠪᠠᠷᠢᠯᠭ᠎ᠠ ᠶᠢᠨ  ᠮᠠᠲ᠋ᠧᠷᠢᠶᠠᠯ᠂ ᠮᠠᠰᠢᠨ᠂ ᠬᠥᠡᠭᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠠᠵᠤ ᠦᠢᠯᠡᠳᠪᠦᠷᠢ ᠠᠷᠠᠯᠵᠢᠶ᠎ᠠ ᠶᠢᠨ ᠠᠵᠢᠯ ᠲᠥᠷᠥᠯ  ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ  ᠬᠠᠷᠢᠭᠤᠴᠠᠨ᠎ᠠ᠃ ᠬᠠᠮᠢᠶ᠎ᠠ ᠪᠥᠬᠦᠶ ᠠᠵᠢᠯ ᠲᠥᠷᠥᠯ ᠤᠨ ᠠᠶᠤᠯ ᠥᠬᠡᠶ ᠦᠶ᠋ᠯᠡᠳᠪᠦᠷᠢᠯᠡᠯ ᠤᠨ ᠲᠦᠷᠢᠮ ᠲᠣᠭᠲᠠᠭᠠᠯ᠂ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯ ᠥᠬᠡᠶ ᠦᠶ᠋ᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠳᠠᠪᠬᠤᠷ ᠰᠡᠷᠭᠡᠶᠢᠯᠡᠯᠲᠡ ᠶᠢᠨ ᠲᠣᠭᠲᠠᠴᠠ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠵᠤ ᠨᠠᠶᠢᠳᠠᠪᠤᠷᠢᠵᠢᠭᠤᠯᠤᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃         ︵ᠵᠢᠷᠭᠤᠭ᠎ᠠ︶ ᠲᠥᠷᠥ ᠶᠢᠨ ᠪᠤᠳᠤᠯᠭ᠎ᠠ ᠬᠠᠤᠯᠢ ᠲᠣᠭᠲᠠᠭᠠᠯ  ᠤᠨ  ᠲᠠᠰᠤᠭ         ᠬᠤᠯᠪᠣᠭᠳᠠᠯ ᠪᠥᠬᠦᠢ ᠴᠢᠬᠤᠯᠠ ᠶᠡᠭᠡ ᠲᠥᠷᠥ ᠶᠢᠨ ᠪᠤᠳᠤᠯᠭ᠎ᠠ ᠶᠢᠨ ᠰᠤᠳᠤᠯᠤᠯ  ᠤᠨ ᠠᠵᠢᠯ  ᠢ ᠡᠭᠦᠷᠭᠡᠯᠡᠵᠦ᠂ ᠵᠢᠷᠤᠮᠵᠢᠯ  ᠤᠨ ᠴᠢᠨᠠᠷᠲᠠᠶ ᠪᠢᠴᠢᠭ  ᠮᠠᠲ᠋ᠧᠷᠢᠶᠠᠯ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ  ᠶᠢᠨ ᠬᠠᠤᠯᠢ ᠶᠣᠰᠣᠨ  ᠤ ᠴᠢᠨᠠᠷ ᠲᠠᠢ ᠬᠢᠨᠠᠨ ᠪᠠᠶᠢᠴᠠᠭᠠᠬᠤ᠂ ᠬᠠᠤᠯᠢ ᠬᠡᠷᠡᠭᠵᠢᠭᠦᠯᠬᠦ  ᠲᠤ ᠬᠢᠨᠠᠯᠲᠠ ᠲᠠᠯᠪᠢᠬᠤ ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ ᠢᠶᠠᠷ ᠵᠠᠷᠭᠤ ᠬᠦᠯᠢᠶᠡᠯᠭᠡᠬᠦ ᠵᠡᠷᠭᠡ ᠲᠠᠯ᠎ᠠ ᠶᠢᠨ ᠠᠵᠢᠯ  ᠢ ᠬᠠᠷᠢᠭᠤᠴᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠶᠤᠯ ᠥᠭᠡᠢ ᠦᠢᠯᠡᠳᠪᠦᠷᠢᠯᠡᠯ  ᠤᠨ ᠰᠣᠨᠢᠨ ᠮᠡᠳᠡᠭᠡᠨ  ᠤ ᠤᠬᠠᠭᠤᠯᠭ᠎ᠠ ᠶᠠᠷᠢᠶ᠎ᠠ ᠬᠡᠯᠡᠯᠴᠡᠭᠡᠨ  ᠤ ᠪᠠᠶᠢᠳᠠᠯ ᠢ‌ᠠᠷᠭᠠᠴᠠᠬᠤ ᠠᠵᠢᠯ   ᠢ ᠡᠭᠦᠷᠭᠡᠯᠡᠵᠦ᠂ ᠦᠢᠯᠡᠳᠪᠦᠷᠢᠯᠡᠯ  ᠤᠨ ᠠᠶᠤᠯ ᠥᠭᠡᠢ ᠶᠢᠨ ᠡ᠊ᠨᠳᠡᠯ  ᠢ ᠪᠠᠶᠢᠴᠠᠭᠠᠨ ᠰᠢᠶ᠋ᠳᠪᠦᠷᠢᠯᠡᠬᠦ ᠠᠵᠢᠯ  ᠲᠤ ᠣᠷᠣᠯᠴᠠᠨ᠎ᠠ᠃ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠪᠠ ᠬᠠᠤᠯᠢ ᠲᠦᠭᠡᠮᠡᠯᠵᠢᠭᠦᠯᠬᠦ᠂ ᠬᠠᠤᠯᠢ ᠰᠤᠷᠤᠯᠴᠠᠬᠤ᠂ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠲᠣᠰ ᠰᠢᠰᠲ᠋ᠧᠮ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠤᠨ ᠪᠠᠶᠢᠭᠤᠯᠤᠯᠲᠠ᠂ ᠬᠥᠳᠡᠯᠦᠩᠭᠦᠶ ᠲᠣᠬᠢᠷᠠᠭᠤᠯᠤᠯᠲᠠ ᠵᠡᠷᠭᠡ ᠠᠵᠢᠯ ᠢ ᠬᠠᠷᠢᠭᠤᠴᠠᠵᠤ᠂ ᠲᠣᠰ ᠰᠢᠰᠲ᠋ᠧᠮ ᠤᠨ ᠬᠢᠨᠠᠨ ᠵᠥᠪᠰᠢᠶᠡᠷᠡᠬᠦ ᠦᠶ᠋ᠯᠡᠴᠢᠯᠡᠭᠡᠨ ᠤ ᠵᠦᠶ᠋ᠯᠡᠰ ᠢ ᠢᠯᠭᠠᠷᠠᠭᠤᠯᠤᠨ ᠵᠢᠷᠤᠮᠵᠢᠭᠤᠯᠤᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠲᠤᠰ ᠰᠦᠯᠵᠢᠶ᠎ᠠ