ᠤᠷᠠᠳ ᠤᠨ ᠬᠤᠶᠢᠳᠤ ᠬᠤᠰᠢᠭᠤ 271 ᠲᠦᠮᠡᠨ ᠲᠥᠭᠦᠷᠢᠭ ᠲᠥᠷᠥᠯ  ᠵᠦᠢᠯ ᠤᠨ ᠪᠠᠯᠠ ᠮᠥᠩᠭᠦ  ᠬᠤᠪᠢᠳᠠᠨ ᠣᠯᠵᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ
ᠨᠡᠶᠢᠲᠡᠯᠡᠭᠰᠡᠨ ᠴᠠᠭ᠄
2022/8/25

             

        ᠡᠨᠡ ᠵᠢᠯ ᠠᠴᠠ ᠨᠠᠰᠢ᠂  ᠤᠷᠠᠳ ᠤᠨ ᠬᠤᠶᠢᠳᠤ ᠬᠤᠰᠢᠭᠤᠨ ᠤ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ  ᠥᠪᠡᠷᠲᠡᠭᠡᠨ ᠵᠠᠰᠠᠬᠤ

ᠣᠷᠣᠨ ᠤ ᠭᠤᠤᠯᠳᠠᠯᠭ᠎ᠠ ᠲᠠᠢ ᠠᠵᠤ  ᠦᠢᠯᠡᠰ ᠤᠨ ᠲᠤᠰᠬᠠᠶ  ᠵᠦᠢᠯ ᠤᠨ ᠪᠠᠯᠠ ᠮᠥᠩᠭᠦ ᠶᠢᠨ ᠱᠠᠩᠨᠠᠵᠤ ᠨᠥᠬᠦᠪᠥᠷᠢᠯᠡᠬᠦ ᠴᠢᠭᠯᠡᠯ ᠪᠠ ᠭᠤᠶᠤᠴᠢᠯᠠᠨ ᠮᠡᠳᠡᠭᠦᠯᠬᠦ

ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠠᠬᠤᠶᠢᠯᠠᠯ ᠳᠤ ᠢᠳᠡᠪᠬᠢᠲᠡᠶ ᠪᠠᠷ ᠨᠥᠬᠦᠪᠥᠷᠢ ᠮᠥᠩᠭᠦ ᠲᠡᠮᠡᠴᠠᠨ ᠣᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ

ᠲᠥᠷᠥ ᠶᠢᠨ ᠪᠣᠳᠣᠯᠭ᠎ᠠ ᠶᠢᠨ ᠡᠳ᠋ᠯᠡᠪᠡᠰᠦ ᠵᠣᠬᠢᠬᠤ ᠪᠦᠬᠦᠨ ᠢ ᠡᠳ᠋ᠯᠡᠬᠦ  ᠪᠠᠷ ᠴᠢᠷᠮᠠᠶᠢᠵᠦ᠂ ᠠᠵᠤ ᠠᠬᠤᠶᠢᠯᠠᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ

ᠲᠠᠮᠵᠢᠪᠠ᠃ ᠡᠬᠦᠨ ᠳᠤ᠂ ᠤᠷᠢᠳ ᠬᠤᠵᠢᠳ 4 ᠪᠦᠯᠦᠭ ᠤᠳᠠᠭ᠎ᠠ 12 ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ ᠣᠳᠣᠬᠠᠨ ᠳᠤ ᠳᠡᠭᠡᠳᠦ ᠱᠠᠲᠤᠨ  ᠠᠴᠠ

ᠨᠥᠬᠦᠪᠥᠷᠢ  ᠤᠯᠭᠤᠬᠤ 6 ᠲᠥᠷᠥᠯ  ᠵᠦᠢᠯ ᠢ ᠨᠠᠶᠢᠳᠡᠪᠤᠷᠢᠵᠢᠭᠤᠯᠵᠤ᠂ 271 ᠲᠦᠮᠡᠨ ᠲᠥᠭᠦᠷᠢᠭ ᠤᠨ ᠪᠠᠯᠠ ᠮᠥᠩᠭᠦ ᠬᠤᠪᠢᠳᠠᠨ ᠤᠯᠪᠠ᠃

        ᠨᠢᠭᠡᠨᠲᠡ ᠨᠠᠶᠢᠳᠠᠪᠤᠷᠢᠵᠢᠭᠤᠯᠤᠭᠰᠠᠨ ᠲᠥᠷᠥᠯ  ᠵᠦᠢᠯ ᠨᠢ᠄ ᠵᠢᠤᠢ ᠭᠤᠸᠠᠩ ᠴᠠᠬᠢᠭᠤᠷ ᠤᠨ ᠦᠢᠯᠡᠰ ᠤᠨ ᠡᠨᠧᠷᠭᠢ ᠠᠷᠪᠢᠯᠠᠬᠤ ᠮᠡᠷᠭᠡᠵᠢᠯ ᠤᠨ

ᠥᠭᠡᠷᠡᠴᠢᠯᠡᠯᠲᠡ ᠶᠢᠨ ᠲᠥᠷᠥᠯ  ᠵᠦᠢᠯ 45 ᠲᠦᠮᠡᠨ ᠲᠥᠭᠦᠷᠢᠭ᠂ ᠱᠧᠩ ᠠᠨ ᠬᠢᠮᠢ ᠶᠢᠨ ᠠᠵᠤ  ᠦᠢᠯᠡᠳᠪᠤᠷᠢ ᠶᠢᠨ ᠮᠠᠰᠢᠨ ᠢᠶᠠᠷ  ᠦᠢᠯᠡᠳᠪᠤᠷᠢᠯᠠᠬᠦ ᠲᠥᠷᠥᠯ 

ᠵᠦᠢᠯ 26 ᠲᠦᠮᠡᠨ ᠲᠥᠭᠦᠷᠢᠭ᠂ ᠪᠠᠷᠠᠭᠤᠨ ᠣᠷᠣᠨ ᠤ ᠵᠡᠰ ᠤᠨ ᠦᠢᠯᠡᠰ ᠤᠨ ᠪᠣᠬᠢᠷᠲᠤᠯ ᠥᠬᠡᠶ ᠦᠢᠯᠠᠳᠪᠤᠷᠢᠯᠠᠬᠦ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ

ᠪᠣᠬᠢᠷᠲᠤᠯ ᠥᠬᠡᠶ ᠦᠢᠯᠡᠳᠪᠤᠷᠢᠯᠠᠯ ᠤᠨ ᠵᠢᠱᠢᠶ᠎ᠡ ᠦᠵᠡᠭᠦᠯᠬᠦ ᠨᠢᠭᠡᠴᠡ ᠳᠤ ᠨᠡᠶᠢᠲᠡ 100 ᠲᠦᠮᠡᠨ ᠲᠥᠭᠦᠷᠢᠭ᠂ ᠹᠸᠢ ᠱᠠᠩ ᠵᠡᠰ ᠤᠨ ᠦᠢᠯᠡᠰ ᠤᠨ ᠥᠪᠡᠷᠲᠡᠭᠡᠨ

ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠤᠷᠢᠯᠠᠯ ᠤᠨ ᠵᠢᠱᠢᠶ᠎ᠡ ᠦᠵᠡᠭᠦᠯᠬᠦ ᠨᠢᠭᠡᠴᠡ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠶ

ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ  ᠳᠤ ᠨᠡᠶᠢᠲᠡ 100 ᠲᠦᠮᠡᠨ ᠲᠥᠭᠦᠷᠢᠭ ᠬᠤᠪᠢᠳᠠᠨ ᠤᠯᠪᠠ᠃ 

        ᠡᠭᠦᠨ ᠤ ᠬᠠᠮᠲᠤ᠂ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠤᠶᠤᠨᠲᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ

ᠬᠤᠶᠠᠳᠤᠭᠠᠷ ᠪᠦᠯᠦᠭ ᠤᠨ 420 ᠲᠦᠮᠡᠨ ᠲᠥᠭᠦᠷᠢᠭ ᠤᠨ ᠪᠠᠯᠠ ᠮᠥᠩᠭᠦ ᠶᠢ ᠤᠳᠠᠯ ᠥᠬᠡᠶ ᠪᠣᠳᠠᠲᠠᠶᠢᠵᠢᠭᠤᠯᠵᠤ᠂ ᠬᠦᠷᠢᠶᠡᠯᠡᠩ ᠲᠣᠭᠤᠷᠢᠭ ᠤᠨ ᠬᠤᠶᠠᠳᠤᠭᠠᠷ

ᠬᠠᠲᠠᠭᠤ ᠪᠡᠶᠡᠲᠦ ᠬᠠᠶᠠᠭᠳᠠᠮᠠᠯ ᠰᠢᠭᠠᠷᠤ ᠶᠢᠨ ᠦᠢᠯᠡᠳᠪᠤᠷᠢ ᠶᠢᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠳᠤ 500 ᠲᠦᠮᠡᠨ ᠲᠥᠭᠦᠷᠢᠭ ᠤᠨ ᠪᠠᠯᠠ ᠮᠥᠩᠭᠦ

ᠤᠯᠬᠤ ᠪᠠᠷ ᠴᠢᠷᠮᠠᠶᠢᠵᠤ᠂ ᠨᠢᠭᠡᠨᠲᠡ ᠠᠵᠤ  ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠳᠤ ᠮᠡᠳᠡᠭᠦᠯᠦᠨ᠂ ᠣᠶᠢᠷ᠎ᠠ ᠶᠢᠨ ᠬᠤᠭᠤᠴᠠᠭᠠᠨ ᠳᠤ ᠲᠤᠰᠬᠠᠶ

ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠰᠢᠯᠭᠠᠷᠠᠭᠤᠯᠤᠨ᠎ᠠ᠃

       ᠦᠨᠤᠳᠤᠷ ᠤᠨ ᠤᠷᠠᠳ ᠤᠨ ᠬᠤᠶᠢᠳᠤ ᠬᠤᠰᠢᠭᠤᠨ ᠤ ᠤᠯᠠᠨ ᠨᠠᠶᠢᠳᠠ ᠶᠢᠨ ᠲᠡᠪᠴᠠᠩ ᠠᠴᠠ ᠮᠡᠲ᠋ᠧᠷᠢᠶᠠᠯ ᠬᠠᠩᠭᠠᠪᠠ

 

ᠢᠷᠡᠯᠲᠡ᠄ ᠲᠤᠰ ᠰᠦᠯᠵᠢᠶ᠎ᠠ