ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ  ᠲᠤᠰᠬᠠᠶ  ᠮᠡᠷᠬᠡᠯᠵᠢᠳᠠᠨ ᠤ ᠦᠢᠯᠡᠴᠢᠯᠡᠬᠡᠨ ᠤ ᠪᠦᠯᠬᠦᠮ  ᠤᠷᠠᠳ ᠤᠨ ᠬᠤᠶᠢᠳᠤ ᠬᠤᠰᠢᠭᠤᠨ ᠳᠤ ᠬᠦᠨᠵᠡᠬᠡᠶᠢᠷᠠᠨ ᠨᠠᠶᠢᠬᠡᠮ ᠤᠨ ᠦᠢᠯᠡᠴᠢᠯᠡᠬᠡᠨ ᠤ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2022/8/26
             8 ᠰᠠᠷ᠎ᠠ ᠶᠢᠨ 23 ᠠᠴᠠ 24 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠲᠠᠶᠢᠸᠠᠨ ᠤ ᠠᠵᠢᠯ ᠤᠨ ᠠᠯᠪᠠᠨ ᠬᠡᠷ ᠤᠨ ᠡᠷᠬᠢᠯᠡᠭᠴᠢ ᠵᠣᠣ ᠬᠤᠩ ᠥᠪᠥᠷ ᠮᠣᠩᠭᠤᠯ ᠤᠨ ᠨᠢᠭᠡᠳᠦᠮᠡᠯ ᠹᠷᠣᠨᠲ ᠤᠨ ᠲᠤᠰᠬᠠᠶ ᠮᠡᠷᠭᠡᠵᠢᠯᠲᠡᠨ ᠤ  ᠦᠢᠯᠡᠴᠢᠯᠡᠬᠡᠨ ᠤ ᠪᠦᠯᠬᠦᠮ ᠢ ᠳᠠᠭᠠᠭᠤᠯᠤᠨ ᠮᠠᠨ ᠤ ᠬᠤᠰᠢᠭᠤᠨ ᠳᠤ ᠭᠦᠨᠵᠡᠭᠡᠶᠢᠷᠡᠨ ᠨᠡᠶᠢᠭᠡᠮ ᠤᠨ ᠦᠢᠯᠡᠴᠢᠯᠡᠬᠡᠨ ᠤ ᠠᠵᠢᠯᠯᠠᠭ᠎ᠠ ᠦᠷᠨᠢᠬᠦᠯᠪᠠ᠃         ᠬᠤᠰᠢᠭᠤᠨ ᠨᠠᠮ ᠤᠨ ᠬᠤᠷᠢᠶ᠎ᠠ ᠶᠢᠨ ᠱᠦᠵᠢ ᠸᠠᠩ ᠶᠢᠨ ᠪᠦᠦ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠬᠢᠨ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ  ᠮᠧᠩ ᠵᠢᠶᠦ᠋ᠨ᠂ ᠬᠤᠰᠢᠭᠤᠨ ᠤᠳᠤᠷᠢᠳᠤᠯᠭ᠎ᠠ  ᠵᠦ ᠹᠧᠩ᠂ ᠵᠣᠣ ᠪᠠᠭᠠᠲᠤᠷ᠂ ᠯᠢ ᠴᠢᠩ ᠯᠠᠶ᠂ ᠶᠠᠩ ᠰᠢᠤᠢ ᠡᠬᠢᠯᠡᠯᠲᠡ ᠶᠢᠨ ᠶᠣᠰᠣᠯᠠᠯ ᠳᠤ  ᠤᠷᠤᠯᠴᠠᠵᠤ᠂  ᠪᠠᠷ᠎ᠠ ᠪᠣᠯᠵᠣ ᠲᠣᠭᠤᠷᠢᠨ ᠦᠵᠡᠪᠡ᠃ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃          ᠸᠠᠩ ᠶᠢᠨ ᠪᠦᠦ ᠥᠪᠡᠷᠲᠡᠭᠡᠨ ᠵᠠᠰᠠᠬᠤ ᠣᠷᠣᠨ ᠤ ᠨᠢᠭᠡᠳᠦᠮᠡᠯ ᠹᠷᠣᠨᠲ ᠤᠨ ᠲᠤᠰᠬᠠᠶ ᠮᠡᠷᠭᠡᠵᠢᠯᠲᠡᠨ ᠤ ᠪᠦᠯᠬᠦᠮ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠂ ᠥᠪᠥᠷ ᠮᠣᠩᠭᠤᠯ ᠤᠨ ᠵᠢᠦᠢ‌ᠯᠢ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠣᠷᠳᠣ ᠬᠤᠭᠤᠴᠠᠭᠠᠨ ᠤ ᠨᠥᠬᠦᠷᠰᠡᠭ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂  ᠤᠷᠠᠳ ᠤᠨ ᠬᠤᠶᠢᠲᠤ ᠬᠤᠰᠢᠭᠤ ᠶᠢ ᠬᠠᠪᠰᠤᠷᠤᠨ ᠴᠢᠳᠠᠪᠤᠷᠢᠲᠠᠨ ᠬᠥᠮᠦᠵᠢᠭᠦᠯᠵᠦ᠂ ᠡᠮᠴᠢᠯᠡᠭᠡ ᠶᠢ ᠵᠢᠯᠣᠭᠤᠳᠤᠨ᠂ ᠬᠠᠮᠲᠤᠷᠠᠨ ᠣᠨᠣᠰᠢᠯᠠᠬᠤ ᠶᠢ ᠬᠦᠰᠡᠵᠦ ᠪᠠᠶᠢᠨ᠎ᠠ᠃ ᠤᠷᠠᠳ ᠤᠨ ᠬᠤᠶᠢᠲᠤ ᠬᠤᠰᠢᠭᠤ ᠳᠣᠲᠣᠭᠠᠳᠤ ᠶᠢᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂  ᠦᠢᠯᠡᠴᠢᠯᠡᠬᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠬᠥᠭᠵᠢᠯᠲᠡ ᠶᠢᠨ ᠳᠤᠲᠠᠭᠤᠳᠠᠯ ᠢᠶᠠᠨ ᠨᠥᠬᠦᠪᠥᠷᠢᠯᠡᠵᠦ᠂ ᠠᠵᠤ ᠠᠬᠤᠶ ᠨᠡᠶᠢᠭᠡᠮ ᠤᠨ ᠡᠯ᠎ᠡ  ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠬᠡᠪᠠ᠃           ᠵᠣᠣ ᠬᠤᠩ ᠢᠯᠡᠷᠬᠡᠶᠢᠯᠡᠬᠦ ᠳᠡᠭᠡᠨ᠂ ᠲᠣᠰ ᠤᠳᠠᠭ᠎ᠠ  ᠦᠢᠯᠡᠴᠢᠯᠡᠬᠡᠨ ᠤ ᠪᠦᠯᠬᠦᠮ ᠢ ᠵᠣᠬᠢᠶᠠᠨ ᠪᠠᠶᠢᠭᠤᠯᠵᠤ ᠤᠷᠠᠳ ᠤᠨ ᠬᠤᠶᠢᠲᠤ ᠬᠤᠰᠢᠭᠤᠨ ᠳᠤ  ᠨᠡᠶᠢᠭᠡᠮ ᠤᠨ ᠦᠶ᠋ᠯᠡᠴᠢᠯᠡᠭᠡᠨ ᠤ ᠠᠵᠢᠯᠯᠠᠭ᠎ᠠ ᠥᠷᠨᠢᠭᠦᠯᠦᠭᠰᠡᠨ ᠨᠢ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠱᠠᠭᠠᠷᠳᠠᠯᠭ᠎ᠠ ᠶᠢ  ᠦᠢᠯᠡᠳᠤᠯᠬᠡᠵᠢᠬᠦᠯᠦᠭᠰᠠᠨ ᠪᠣᠳᠠᠲᠠᠶ  ᠦᠢᠯᠡᠳᠤᠯᠬᠡ ᠮᠥᠨ᠂ ᠪᠠᠰᠠ ᠴᠤ ︽ᠬᠤᠷᠢᠳᠤᠭᠠᠷ ᠶᠡᠭᠡ ᠬᠤᠷᠠᠯ ᠢ ᠬᠠᠮᠲᠤ ᠪᠠᠷ ᠤᠭᠲᠤᠵᠤ᠂ ᠰᠡᠳᠬᠢᠯ ᠢᠶᠠᠨ ᠨᠢᠭᠡᠳᠬᠡᠨ ᠨᠠᠮ ᠢᠶᠠᠨ ᠳᠠᠭᠠᠬᠤ︾ ᠭᠤᠤᠯ ᠰᠡᠳᠦᠪᠲᠦ ᠲᠣᠭᠠᠨ ᠤ ᠬᠥᠮᠦᠵᠢᠯ ᠢ ᠭᠦᠨᠵᠡᠭᠡᠶᠢᠷᠡᠭᠦᠯᠦᠭᠰᠡᠨ ᠤ ᠪᠣᠳᠠᠲᠠᠶ ᠢᠯᠡᠷᠡᠯ ᠮᠥᠨ᠃ ᠲᠤᠰᠬᠠᠢ ᠮᠡᠷᠭᠡᠵᠢᠯᠲᠡᠨ ᠤ ᠦᠢᠯᠡᠴᠢᠯᠡᠭᠡᠨ ᠤ ᠪᠦᠯᠬᠦᠮ ᠤᠨ ᠬᠢᠨ ᠥᠷᠭᠡᠨ ᠤᠯᠠᠨ ᠲᠦᠮᠡᠨ ᠤ  ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ ᠂ ᠤᠯᠠᠨ ᠲᠦᠮᠡᠨ ᠤ ᠡᠮ ᠡᠮᠨᠡᠯᠭᠡ ᠪᠣᠯᠤᠨ ᠡᠯᠧᠺᠲᠷᠦᠨ ᠬᠤᠳᠠᠯᠳᠤᠭᠠᠨ ᠤ ᠲᠠᠯ᠎ᠠ ᠪᠠᠷ ᠬᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠠᠶᠢᠨ ᠶᠠᠪᠤᠳᠠᠯ ᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠨ᠎ᠡ ᠬᠡᠪᠠ᠃          ᠵᠣᠣ ᠬᠤᠩ ᠨᠠᠷ ᠤᠷᠢᠳ ᠬᠤᠵᠢᠳ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠤᠨᠴᠠᠯᠢᠬᠳᠤ ᠡᠷᠡᠭᠦᠯ ᠮᠡᠨᠳᠦ ᠶᠢ ᠬᠠᠮᠠᠭᠠᠯᠠᠬᠤ ᠰᠤᠪᠢᠯᠠᠯᠲᠠ ᠶᠢᠨ  ᠦᠢᠯᠡᠴᠢᠯᠡᠬᠡᠨ ᠤ ᠲᠥᠪ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ  ᠦᠢᠯᠡᠰ ᠤᠨ ᠬᠦᠷᠢᠶᠡᠯᠡᠩ᠂ ᠶᠢᠨ  ᠬᠤᠤ ᠲᠧ ᠪᠠᠷᠠᠭᠠᠨ ᠤ ᠬᠦᠢᠯᠬᠡᠬᠡᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠲᠣᠭᠤᠷᠢᠨ ᠦᠵᠡᠵᠦ᠂  ᠤᠷᠠᠳ ᠤᠨ ᠬᠤᠶᠢᠳᠤ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ  ᠵᠦᠢᠯ ᠤᠨ ᠠᠵᠢᠯ  ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃          ᠨᠡᠶᠢᠭᠡᠮ ᠤᠨ ᠦᠢᠯᠡᠴᠢᠯᠡᠬᠡᠨ ᠤ ᠠᠵᠢᠯᠯᠠᠭ᠎ᠠ ᠳᠤ᠂ 12 ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠ ᠡᠯᠧᠺᠲᠷᠣᠨ ᠬᠤᠳᠠᠯᠳᠤᠭᠠᠨ ᠤ ᠪᠣᠯᠪᠠᠰᠤᠷᠠᠭᠤᠯᠤᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠣᠰ ᠲᠣᠰ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂  ᠬᠦᠬᠡᠴᠤ ᠰᠤᠮᠤᠨ ᠤ ᠪᠡᠯᠴᠢᠷ ᠭᠠᠴᠠᠭ᠎ᠠ᠂ ᠬᠠᠶᠢᠯᠠᠰᠤ ᠵᠢᠴᠢ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ  ᠦᠢᠯᠡᠰ ᠤᠨ ᠬᠦᠷᠢᠶᠡᠯᠡᠩ ᠳᠤ ᠬᠤᠶᠠᠷ ᠡᠳᠦᠷ ᠤᠨ ᠬᠤᠭᠤᠴᠠᠭ᠎ᠠ ᠲᠠᠢ ᠠᠯᠪᠠᠨ ᠵᠢᠷᠤᠮ ᠤᠨ ᠡᠮᠴᠢᠯᠡᠭᠡ᠂ ᠡᠮᠴᠢᠯᠡᠭᠡᠨ ᠤ ᠪᠣᠯᠪᠠᠰᠤᠷᠠᠯ᠂ ᠡᠮ ᠡᠮᠨᠡᠯᠭᠡ ᠬᠦᠷᠭᠡᠬᠦ ᠪᠠ ᠡᠯᠧᠺᠲᠷᠣᠨ ᠬᠤᠳᠠᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠥᠷᠨᠢᠭᠦᠯᠪᠡ᠃         ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤᠮᠳᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠯᠠᠯ ᠤᠨ ᠰᠠᠯᠠᠭ᠎ᠠ᠂ ᠡᠯᠢᠭᠡ ᠰᠥᠰᠥᠨ ᠤ ᠭᠠᠳᠠᠷ ᠰᠠᠯᠠᠭ᠎ᠠ᠂ ᠰᠢᠩᠭᠡᠭᠡᠯᠲᠡ ᠂ ᠪᠥᠭᠡᠷ᠎ᠡ᠂ ᠮᠡᠳᠡᠷᠡᠯ  ᠵᠡᠷᠬᠡ ᠳᠣᠲᠣᠷ  ᠰᠠᠯᠠᠭᠠᠨ ᠤ ᠡᠮᠴᠢᠯᠡᠭᠡᠨ ᠤ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠬᠡᠨ ᠤ ᠪᠦᠯᠬᠦᠮ ᠨᠢ  ᠬᠦᠬᠡᠴᠤ ᠰᠤᠮᠤ ᠶᠢᠨ ᠪᠡᠯᠴᠢᠷ ᠭᠠᠴᠠᠭ᠎ᠠ᠂ ᠬᠠᠶᠢᠯᠠᠰᠤ ᠵᠡᠷᠬᠡ‌ᠦᠨᠳᠦᠰᠦᠨ ᠱᠠᠲᠤᠨ ᠤ ᠠᠷᠠᠳ‌ᠢᠷᠭᠡᠳ ᠤᠨ ᠬᠡᠷ ᠨᠤᠳᠤᠭ ᠲᠤ ᠬᠦᠷᠴᠤ᠂ ᠡᠮ ᠡᠮᠨᠡᠯᠭᠡ ᠬᠦᠷᠭᠡᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠮᠨᠡᠯᠭᠡ ᠶᠢᠨ ᠠᠵᠢᠯᠲᠠᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠭᠤᠯᠤᠯ ᠬᠢᠵᠦ᠂ ᠦᠨᠳᠦᠰᠦᠨ ᠱᠠᠲᠤᠨ ᠤ ᠣᠯᠠᠨ ᠲᠦᠮᠡᠨ ᠵᠢᠴᠢ ᠡᠮᠨᠡᠯᠭᠡ ᠶᠢᠨ ᠠᠵᠢᠯᠲᠠᠳ ᠲᠤ ᠰᠢᠯᠢᠳᠡᠭ  ᠴᠢᠨᠡᠷᠯᠢᠭ᠋ ᠡᠮᠴᠢᠯᠡᠭᠡ ᠪᠠ ᠪᠣᠯᠪᠠᠰᠤᠷᠠᠭᠤᠯᠤᠯ  ᠬᠦᠷᠳᠡᠬᠡᠪᠠ ᠃           ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠤᠨ ᠬᠢᠴᠢᠶᠡᠯ ᠤᠨ ᠲᠠᠩᠬᠢᠮ  ᠲᠤ ᠬᠥᠮᠦᠨ ᠬᠠᠷ᠎ᠠ ᠲᠦᠬᠦᠷᠳᠡᠯ᠎ᠠ ᠰᠠᠭᠤᠵᠤ᠂ ᠡᠯᠧᠺᠲᠷᠣᠨ ᠬᠤᠳᠠᠯᠳᠤᠭᠠᠨ ᠤ ᠲᠤᠰᠬᠠᠶ ᠮᠡᠷᠭᠡᠵᠢᠯᠲᠡᠨ ᠠᠴᠠ ᠣᠬᠤᠷ ᠸᠢᠳᠢᠤ᠋ ᠰᠡᠭᠦᠳᠡᠷᠯᠡᠬᠦ ᠤᠷ᠎ᠠ ᠮᠡᠷᠭᠡᠵᠢᠯ᠂ ᠪᠦᠲᠦᠭᠡᠭᠳᠡᠬᠦᠨ ᠢᠶᠠᠨ ᠲᠠᠶᠢᠯᠪᠤᠷᠢᠯᠠᠬᠤ ᠤᠷ᠎ᠠ‌ᠮᠡᠷᠭᠡᠵᠢᠯ᠂ ᠪᠣᠷᠣᠯᠠᠭᠤᠯᠬᠤ ᠤᠷ᠎ᠠ ᠮᠡᠷᠭᠡᠵᠢᠯ  ᠵᠡᠷᠬᠡ ᠲᠠᠯ᠎ᠠ ᠶᠢᠨ ᠮᠡᠷᠬᠡᠵᠢᠯ ᠪᠠᠨ ᠰᠤᠷᠤᠭᠴᠢᠳ ᠲᠤ ᠠᠮᠢᠳᠤᠯᠢᠭ ᠨᠠᠷᠢᠯᠢᠭ   ᠲᠠᠶᠢᠯᠪᠤᠷᠢᠯᠠᠬᠰᠠᠨ  ᠪᠠᠶᠢᠨ᠎ᠠ᠃                                               
ᠢᠷᠡᠯᠲᠡ᠄ ᠲᠤᠰ ᠰᠦᠯᠵᠢᠶ᠎ᠠ