ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠶᠠᠪᠤᠭᠳᠠᠵᠠᠢ  ᠬᠤᠸᠠᠩ ᡁᠢ ᠴᠢᠶᠠᠩ ᠣᠷᠣᠯᠴᠠᠵᠠᠢ
  
2022/8/29

 

         8 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ

ᠠᠩᠬᠠᠳᠤᠭᠠᠷ ᠬᠤᠭᠤᠴᠠᠭᠠᠨ ᠤ ᠤᠰᠤᠲᠥ᠋ᠷᠥᠭᠴᠢ ᠡᠨᠧᠷᠭᠢ ᠶᠢᠨ

ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ

ᠬᠥᠬᠡᠬᠤᠲᠠ ᠳᠤ ᠶᠠᠪᠤᠭᠳᠠᠪᠠ᠃ 

        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ

ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ

ᠠᠵᠢᠯᠯᠠᠭ᠎ᠠ ᠳᠤ ᠣᠷᠣᠯᠴᠠᠭᠰᠠᠨ ᠪᠦᠲᠡᠭᠡᠳ ᠶᠠᠷᠢᠶ᠎ᠠ

ᠲᠠᠯᠪᠢᠵᠠᠢ᠃ 

        ᠬᠤᠸᠠᠩ ᡁᠢ ᠴᠢᠶᠠᠩ᠂《 ᠬᠤᠣᠰ ᠨᠡᠭᠦᠷᠡᠰᠦᠲᠥ᠋ᠷᠥᠭᠴᠢ 

》᠎ ᠶᠢᠨ ᠠᠬᠤᠢ ᠪᠠᠶᠢᠳᠠᠯ ᠳᠣᠣᠷ᠎ᠠ᠂ ᠤᠰᠤᠲᠥ᠋ᠷᠥᠭᠴᠢ

ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠬᠤ ᠨᠢ ᠤᠯᠤᠰ ᠤᠨ ᠡᠨᠧᠷᠭᠢ ᠶᠢᠨ ᠠᠮᠤ

ᠲᠦᠪᠰᠢᠨ ᠢ ᠪᠠᠲᠤᠯᠠᠬᠤ ᠲᠠᠢ ᠬᠤᠯᠪᠣᠭᠳᠠᠵᠤ᠂ ᠠᠵᠤ ᠠᠬᠤᠢ ᠶᠢᠨ

ᠬᠥᠭᠵᠢᠯᠲᠡ ᠶᠢᠨ ᠪᠣᠬᠢᠷᠲᠤᠯ ᠦᠭᠡᠢ ᠪᠠᠭ᠎ᠠ

ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ

ᠬᠤᠪᠢᠷᠠᠭᠤᠯᠬᠤ ᠲᠠᠢ ᠬᠤᠯᠪᠣᠭᠳᠠᠵᠤ᠂ ᠪᠠᠶᠢᠯᠳᠤᠬᠤ

ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ

ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ

ᠪᠣᠶᠢᠵᠢᠭᠤᠯᠤᠨ ᠪᠦᠷᠢᠯᠳᠦᠭᠦᠯᠬᠦ ᠲᠠᠢ ᠬᠤᠯᠪᠣᠭᠳᠠᠵᠤ᠂ ᠥᠪᠥᠷ

ᠮᠣᠩᠭᠤᠯ ᠳᠤ ᠠᠪᠴᠤ ᠬᠡᠯᠡᠪᠡᠯ ᠴᠢᠬᠤᠯᠠ ᠶᠡᠭᠡ ᠬᠠᠷᠢᠭᠤᠴᠠᠯᠭ᠎ᠠ

ᠪᠣᠯᠬᠤ ᠪᠥᠭᠡᠳ ᠪᠠᠰᠠ ᠴᠢᠬᠤᠯᠠ ᠠᠵᠠ ᠲᠣᠬᠢᠶᠠᠯ ᠪᠣᠯᠣᠨ᠎ᠠ᠃

ᠥᠪᠥᠷ ᠮᠣᠩᠭᠤᠯ ᠳᠤ ᠡᠬᠢ ᠪᠠᠶᠠᠯᠢᠭ ᠢᠶᠠᠷ ᠡᠯᠪᠡᠭ 《 ᠪᠣᠬᠢᠷᠲᠤᠯ

ᠦᠭᠡᠢ ᠴᠠᠬᠢᠯᠭᠠᠨ᠂ ᠬᠢᠮᠳᠠ ᠴᠠᠬᠢᠯᠭᠠᠨ᠂ ᠨᠠᠶᠢᠳᠠᠪᠤᠷᠢᠲᠠᠢ

ᠴᠠᠬᠢᠯᠭᠠᠨ》ᠲᠠᠢ ᠪᠠᠶᠢᠵᠤ᠂ ᠥᠪᠥᠷ ᠮᠣᠩᠭᠤᠯ ᠤᠨ ᠪᠠᠷᠠᠭᠤᠨ

ᠬᠡᠰᠡᠭ ᠤᠨ ᠴᠠᠬᠢᠯᠭᠠᠨ ᠲᠣᠣᠷ ᠲᠤ ᠲᠦᠰᠢᠭᠯᠡᠨ

ᠵᠥᠷᠢᠶᠡᠴᠢᠯᠡᠭᠰᠡᠨ ᠳᠡᠮᠵᠢᠯᠭᠡ ᠶᠢᠨ ᠲᠥᠷᠥ ᠶᠢᠨ

ᠪᠣᠳᠣᠯᠭ᠎ᠠ ᠶᠢ ᠬᠡᠷᠡᠭᠵᠢᠭᠦᠯᠵᠦ᠂ ᠪᠦᠷᠢᠨ ᠲᠡᠭᠦᠯᠳᠡᠷ

ᠲᠣᠨᠣᠭᠯᠠᠯ ᠦᠢᠯᠡᠳᠬᠦ ᠠᠵᠤ ᠦᠢᠯᠡᠰ ᠤᠨ ᠰᠠᠭᠤᠷᠢ ᠶᠢ ᠠᠰᠢᠭᠯᠠᠨ

ᠪᠥᠬᠦ ᠬᠡᠯᠬᠢᠶᠡᠨ ᠤ ᠬᠥᠭᠵᠢᠯᠲᠡ ᠶᠢ ᠲᠤᠯᠭᠠᠭᠤᠷᠢᠯᠠᠵᠤ

ᠪᠣᠯᠣᠨ᠎ᠠ᠃ ᠥᠪᠡᠷᠮᠢᠴᠡ ᠣᠨᠴᠠᠯᠢᠭ ᠲᠠᠢ ᠪᠣᠬᠢᠷᠲᠤᠯ ᠦᠭᠡᠢ

ᠤᠰᠤᠲᠥ᠋ᠷᠥᠭᠴᠢ ᠶᠢᠨ ᠬᠥᠭᠵᠢᠯᠲᠡ ᠶᠢᠨ ᠳᠠᠪᠠᠭᠤᠯᠢᠭ ᠲᠤ

ᠰᠠᠭᠤᠷᠢᠯᠠᠨ᠂ ᠥᠪᠥᠷ ᠮᠣᠩᠭᠤᠯ ᠪᠣᠬᠢᠷᠲᠤᠯ ᠦᠭᠡᠢ

ᠤᠰᠤᠲᠥ᠋ᠷᠥᠭᠴᠢ ᠶᠢᠨ ᠬᠡᠷᠡᠭᠯᠡᠭᠡᠨ ᠤ ᠪᠠᠶᠢᠳᠠᠯ ᠢ

ᠲᠠᠰᠤᠷᠠᠯᠲᠠ ᠦᠭᠡᠢ ᠡᠭᠦᠳᠦᠨ ᠥᠷᠭᠡᠳᠬᠡᠵᠦ᠂ ᠪᠣᠬᠢᠷᠲᠤᠯ ᠦᠭᠡᠢ

ᠤᠰᠤᠲᠥ᠋ᠷᠥᠭᠴᠢ ᠶᠢ ᠬᠦᠨᠳᠦ ᠠᠴᠢᠶᠠᠨ ᠤ ᠮᠠᠰᠢᠨ ᠲᠡᠷᠭᠡᠨ ᠤ

ᠲᠦᠯᠡᠰᠢ ᠶᠢ ᠣᠷᠣᠯᠠᠭᠤᠯᠬᠤ᠂ ᠪᠦᠷᠢᠨ ᠤᠰᠤᠲᠥ᠋ᠷᠥᠭᠴᠢ ᠪᠠᠷ

ᠲᠡᠮᠦᠷᠯᠢᠭ ᠪᠣᠯᠪᠠᠰᠤᠷᠠᠭᠤᠯᠬᠤ ᠵᠡᠷᠭᠡ ᠬᠦᠷᠢᠶᠡᠨ ᠳᠤ

ᠳᠡᠯᠭᠡᠷᠡᠭᠦᠯᠦᠨ ᠬᠡᠷᠡᠭᠯᠡᠵᠦ ᠪᠣᠯᠬᠤ ᠪᠠᠷ ᠪᠠᠷᠠᠬᠤ ᠦᠭᠡᠢ᠂

ᠪᠠᠰᠠ ᠪᠣᠬᠢᠷᠲᠤᠯ ᠦᠭᠡᠢ ᠤᠰᠤᠲᠥ᠋ᠷᠥᠭᠴᠢ ᠪᠠᠷ ᠤᠯᠠᠮᠵᠢᠯᠠᠯᠲᠤ

ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠢ

ᠣᠷᠣᠯᠠᠭᠤᠯᠬᠤ ᠶᠢ ᠰᠦᠪᠡᠭᠴᠢᠯᠡᠵᠦ᠂ ᠨᠡᠩ ᠣᠯᠠᠨ《 

ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ》 ᠠᠵᠤ

ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠶᠢ

ᠠᠬᠢᠭᠤᠯᠵᠤ᠂ ᠨᠡᠩ ᠥᠨᠳᠥᠷ ᠪᠣᠬᠢᠷᠲᠤᠯ ᠦᠭᠡᠢ ᠨᠡᠮᠡᠯᠲᠡ

ᠥᠷᠲᠡᠭ ᠢ ᠡᠭᠦᠳᠴᠦ ᠪᠣᠯᠣᠨ᠎ᠠ᠃ ᠥᠪᠥᠷ ᠮᠣᠩᠭᠤᠯ ᠡᠨᠧᠷᠭᠢ ᠶᠢᠨ

ᠬᠡᠯᠪᠡᠷᠢ ᠶᠢ ᠬᠤᠪᠢᠷᠠᠭᠤᠯᠬᠤ ᠬᠤᠪᠢᠰᠤᠯᠲᠠ ᠶᠢᠨ ᠰᠢᠨ᠎ᠡ ᠠᠵᠠ

ᠲᠣᠬᠢᠶᠠᠯ ᠢ ᠪᠠᠲᠤ ᠡᠵᠡᠮᠳᠡᠵᠦ᠂ ᠪᠥᠬᠦ ᠬᠡᠯᠬᠢᠶ᠎ᠡ ᠶᠢᠨ

ᠬᠥᠭᠵᠢᠯᠲᠡ᠂ ᠵᠠᠬ᠎ᠠ ᠳᠡᠯᠭᠡᠭᠦᠷᠴᠢᠯᠡᠭᠰᠡᠨ ᠭᠤᠣᠯ

ᠤᠳᠤᠷᠢᠳᠤᠮᠵᠢ᠂ ᠴᠢᠬᠤᠯᠠ ᠬᠦᠴᠦᠨ ᠵᠦᠢᠯ ᠤᠨ ᠣᠷᠣᠨ

ᠨᠤᠲᠤᠭᠴᠢᠯᠠᠯᠲᠠ᠂ ᠮᠥᠩᠭᠦᠨ ᠭᠦᠢᠯᠭᠡᠭᠡ ᠶᠢᠨ ᠴᠢᠩᠭ᠎ᠠ

ᠳᠡᠮᠵᠢᠯᠭᠡ ᠶᠢ ᠲᠣᠪᠣᠶᠢᠯᠭᠠᠵᠤ᠂ ᠨᠡᠩ ᠶᠡᠭᠡ ᠡᠷᠴᠢᠮ ᠢᠶᠠᠷ

ᠡᠬᠡ ᠤᠯᠤᠰ ᠤᠨ ᠤᠮᠠᠷᠠᠲᠤ ᠣᠷᠣᠨ ᠳᠤ ᠪᠣᠬᠢᠷᠲᠤᠯ ᠦᠭᠡᠢ

ᠤᠰᠤᠲᠥ᠋ᠷᠥᠭᠴᠢ ᠶᠢᠨ ᠪᠡᠯᠡ ᠣᠷᠤᠭᠤᠯᠤᠯᠲᠠ ᠶᠢᠨ ᠵᠠᠬ᠎ᠠ

ᠳᠡᠯᠭᠡᠭᠦᠷ ᠤᠨ ᠰᠢᠨ᠎ᠡ ᠣᠷᠣᠨ ᠵᠠᠢ᠂ ᠠᠵᠤ ᠦᠢᠯᠡᠰ ᠤᠨ

ᠬᠥᠭᠵᠢᠯᠲᠡ ᠶᠢᠨ ᠰᠢᠨ᠎ᠡ ᠥᠨᠳᠦᠷᠯᠢᠭ ᠢ ᠪᠠᠶᠢᠭᠤᠯᠤᠨ᠎ᠠ

ᠭᠡᠵᠡᠢ᠃    

 

 

          