ᠮᠠᠨ ᠤ ᠣᠷᠣᠨ ᠤ 8 ᠳ᠋ᠤᠭᠠᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/8/30
       8 ᠳ᠋ᠤᠭᠠᠷ ᠰᠠᠷ᠎ᠠ ᠶᠢᠨ 28 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠵᠤ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠨᠡᠮᠡᠭᠳᠡᠪᠡ᠃ ᠲᠤᠬᠠᠢ ᠭᠠᠵᠠᠷ ᠤᠨ ᠡᠪᠡᠳᠴᠢᠨ ᠤ ᠢᠯᠡᠷᠡᠯ ᠦᠭᠡᠢ 2 ᠬᠠᠯᠳᠠᠪᠤᠷᠢᠯᠠᠭᠳᠠᠭᠴᠢ ︵ᠴᠥᠮ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃       8 ᠳ᠋ᠤᠭᠠᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 30 ᠪᠠᠶᠢᠵᠤ᠂ ᠡᠭᠦᠨ ᠳᠤ ᠪᠤᠭᠤᠲᠤ ᠬᠤᠲᠠ ᠳᠤ 2 ︵ᠴᠥᠮ ᠴᠢᠩᠱᠠᠨ ᠲᠣᠭᠤᠷᠢᠭ ᠲᠤ︶᠂ ᠬᠥᠯᠥᠨ ᠪᠤᠶᠢᠷ ᠬᠤᠲᠠ ᠳᠤ 6 ︵ᠴᠥᠮ ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 8 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 7 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶᠂ ᠣᠷᠳᠣᠰ ᠬᠤᠲᠠ ᠳᠤ 7 ︵ᠵᠡᠭᠦᠨᠭᠠᠷ ᠬᠤᠰᠢᠭᠤᠨ ᠳᠤ 5᠂ ᠣᠲᠤᠭ ᠬᠤᠰᠢᠭᠤᠨ ᠳᠤ 2︶᠂ ᠠᠯᠠᠱᠠ ᠠᠶᠢᠮᠠᠭ ᠲᠤ 3 ︵ᠴᠥᠮ ᠠᠯᠠᠱᠠ ᠵᠡᠭᠦᠨ ᠬᠤᠰᠢᠭᠤᠨ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 11᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 12 ᠪᠠᠶᠢᠵᠤ᠂ ᠴᠥᠮ ᠬᠥᠬᠡᠬᠤᠲᠠ ᠳᠤ ᠪᠣᠢ᠃ ᠡᠳᠡᠭᠡᠷ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠢ᠃
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ