ᠮᠠᠨ ᠤ ᠣᠷᠤᠨ ᠤ 8 ᠳ᠋ᠤᠭᠠᠷ ᠰᠠᠷ᠎ᠠ ᠶᠢᠨ 29 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/8/30
         8 ᠳ᠋ᠤᠭᠠᠷ ᠰᠠᠷ᠎ᠠ ᠶᠢᠨ 29 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 7 ︵ᠴᠦᠮ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠤᠢ︶᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 19 ︵ᠴᠦᠮ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠤᠢ︶᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠠᠢ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠤᠯᠠᠭᠰᠠᠨ 2 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠡᠭᠦᠨ ᠳᠤ ᠬᠦᠯᠦᠨ ᠪᠤᠶᠢᠷ ᠬᠤᠲᠠ ᠳᠤ 1 ︵ᠮᠠᠨᠵᠤᠤᠷ ᠬᠤᠲᠠ ᠳᠤ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 1 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ ︵ᠬᠦᠯᠦᠨ ᠪᠤᠶᠢᠷ ᠬᠤᠲᠠ ᠶᠢᠨ ᠮᠠᠨᠵᠤᠤᠷ ᠬᠤᠲᠠ ᠳᠤ ᠪᠤᠢ︶᠃      8 ᠳ᠋ᠤᠭᠠᠷ ᠰᠠᠷ᠎ᠠ ᠶᠢᠨ 29 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 35 ᠪᠠᠶᠢᠵᠤ᠂ ᠡᠭᠦᠨ ᠳᠤ ᠪᠣᠭᠤᠲᠤ ᠬᠤᠲᠠ ᠳᠤ 2 ︵ᠴᠦᠮ ᠴᠢᠩᠱᠠᠨ ᠲᠣᠭᠤᠷᠢᠭ ᠲᠤ︶᠂ ᠬᠦᠯᠦᠨ ᠪᠤᠶᠢᠷ ᠬᠤᠲᠠ ᠳᠤ 5 ︵ᠴᠦᠮ ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 15 ︵ᠴᠦᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 6 ︵ᠴᠦᠮ ᠴᠠᠬᠠᠷ ᠪᠠᠷᠠᠭᠤᠨ ᠭᠠᠷᠤᠨ ᠬᠤᠶᠢᠲᠣ ᠬᠤᠰᠢᠭᠤᠨ ᠳᠤ︶᠂ ᠣᠷᠳᠣᠰ ᠬᠤᠲᠠ ᠳᠤ 7 ︵ᠵᠡᠭᠦᠨᠭᠠᠷ ᠬᠤᠰᠢᠭᠤᠨ ᠳᠤ 5᠂ ᠣᠲᠤᠭ ᠬᠤᠰᠢᠭᠤᠨ ᠳᠤ 2︶ ᠪᠤᠢ ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 35 ᠪᠠᠶᠢᠵᠤ᠂ ᠡᠭᠦᠨ ᠳᠤ ᠬᠦᠯᠦᠨ ᠪᠤᠶᠢᠷ ᠬᠤᠲᠠ ᠳᠤ 1 ︵ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 28 ︵ᠴᠦᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 3 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 2︶᠂ ᠠᠯᠠᠱᠠ ᠠᠶᠢᠮᠠᠭ ᠲᠤ 3 ︵ᠴᠦᠮ ᠠᠯᠠᠱᠠ ᠵᠡᠭᠦᠨ ᠬᠤᠰᠢᠭᠤᠨ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 12᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 12 ᠪᠠᠶᠢᠵᠤ᠂ ᠴᠦᠮ ᠬᠥᠬᠡᠬᠤᠲᠠ ᠳᠤ ᠪᠤᠢ᠃ ᠳᠡᠭᠡᠷᠡᠬᠢ ᠬᠦᠮᠦᠰ ᠢ ᠴᠦᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃    
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ