ᠸᠠᠩ ᠯᠢ ᠰᠢᠶᠠ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠬᠠᠲᠤᠨ ᠭᠤᠤᠯ ᠤᠨ ᠰᠠᠪᠠ ᠭᠠᠵᠠᠷ ᠤᠨ ᠭᠤᠤᠯ ᠮᠥᠷᠡᠨ ᠨᠠᠭᠤᠷ ᠪᠦᠷᠢᠳᠦ ᠶᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠠᠵᠢᠯ ᠢ ᠰᠤᠳᠤᠯᠪᠠ
  
2022/8/31
           8 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠭᠤᠣᠯ ᠮᠥᠷᠡᠨ ᠨᠠᠭᠤᠷ ᠪᠦᠷᠢᠳᠦ ᠶᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠠᠵᠢᠯ ᠢ ᠰᠤᠳᠤᠯᠪᠠ᠃         ᠬᠠᠲᠤᠨ ᠭᠤᠤᠯ ᠤᠨ ᠰᠠᠪᠠ ᠭᠠᠵᠠᠷ ᠤᠨ《ᠳᠤᠷ᠎ᠠ ᠪᠠᠷ ᠡᠵᠡᠯᠡᠬᠦ᠂ ᠳᠤᠷ᠎ᠠ ᠪᠠᠷ ᠮᠠᠯᠲᠠᠬᠤ᠂ ᠳᠤᠷ᠎ᠠ ᠪᠠᠷ ᠤᠪᠤᠭᠠᠯᠠᠬᠤ᠂ ᠳᠤᠷ᠎ᠠ ᠪᠠᠷ ᠪᠠᠶᠢᠭᠤᠯᠬᠤ》ᠶᠢ ᠠᠷᠢᠯᠭᠠᠬᠤ ᠵᠢᠴᠢ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠶᠢ ᠬᠤᠷᠢᠭᠯᠠᠬᠤ ᠵᠡᠷᠭᠡ ᠠᠵᠢᠯ ᠤᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ᠸᠠᠩ ᠯᠢ ᠰᠢᠶᠠ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠵᠢᠷᠤᠭᠯᠠᠭᠰᠠᠨ ᠤᠯᠤᠰ ᠤᠨ ᠪᠠᠶᠢᠯᠳᠤᠬᠤ ᠪᠣᠳᠣᠯᠭ᠎ᠠ ᠮᠥᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠬᠠᠲᠤᠨ ᠭᠤᠤᠯ ᠤᠨ ᠰᠠᠪᠠ ᠭᠠᠵᠠᠷ ᠣᠷᠣᠨ ᠤ ᠬᠢᠨ ᠬᠠᠲᠤᠨ ᠭᠤᠤᠯ ᠤᠨ ᠰᠠᠪᠠ ᠭᠠᠵᠠᠷ ᠤᠨ ᠮᠤᠵᠢ ᠶᠢᠨ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠷᠢᠨ ᠬᠢᠨᠠᠮᠠᠭᠠᠶ ᠬᠠᠷᠭᠤᠭᠤᠯᠤᠨ ᠪᠠᠷᠢᠮᠵᠢᠶᠠᠯᠠᠵᠤ᠂ ᠠᠵᠢᠯ ᠤᠨ ᠲᠣᠭᠲᠠᠴᠠ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ᠃︽ᠤᠰᠤ ᠪᠠᠷ ᠳᠦᠷᠪᠡ ᠶᠢ ᠲᠤᠭᠲᠠᠭᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠤᠰᠤ ᠡᠵᠡᠮᠳᠡᠬᠦ ᠡᠷᠴᠢᠮᠲᠡᠢ ᠢᠨᠵᠧᠨᠧᠷᠢᠩ ᠪᠠ ᠬᠠᠲᠤᠨ ᠭᠤᠤᠯ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ ᠢᠨᠵᠧᠨᠧᠷᠢᠩ ᠢ ᠲᠣᠪᠣᠶᠢᠮ᠎ᠠ ᠰᠠᠶᠢᠲᠤᠷ ᠠᠳᠬᠤᠵᠤ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠭᠦᠷᠭᠡ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃         ᠬᠤᠷᠠᠯ ᠠᠴᠠ ᠬᠥᠳᠡᠭᠡ ᠲᠣᠰᠬᠤᠨ ᠤ ᠭᠡᠷ ᠤᠨ ᠵᠣᠷᠯᠣᠩ ᠤᠨ ᠠᠰᠠᠭᠤᠳᠠᠯ ᠢ ᠪᠠᠶᠢᠴᠠᠭᠠᠨ ᠣᠶᠢᠯᠠᠭᠠᠵᠤ ᠴᠡᠭᠴᠡᠯᠡᠨ ᠰᠠᠶᠢᠵᠢᠷᠠᠭᠤᠯᠬᠤ ᠵᠢᠴᠢ ᠤᠯᠤᠰ ᠠᠴᠠ ᠳᠠᠯᠳᠠᠭᠤᠷ ᠪᠠᠶᠢᠴᠠᠭᠠᠨ ᠰᠤᠳᠤᠯᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠪᠠ᠂ ᠸᠠᠩ ᠯᠢ ᠰᠢᠶᠠ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ᠂ ᠬᠥᠳᠡᠭᠡ ᠲᠣᠰᠬᠤᠨ ᠤ ᠪᠣᠬᠢᠷ ᠤᠰᠤ ᠪᠣᠯᠤᠨ ᠬᠤᠭ ᠨᠣᠪᠰᠢ ᠶᠢ ᠰᠢᠶᠳᠪᠦᠷᠢᠯᠡᠬᠦ ᠠᠵᠢᠯ ᠢ ᠨᠢᠭᠡᠳᠦᠯᠲᠡᠶ ᠲᠥᠯᠥᠪᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃         ᠰᠦ ᠶᠢᠨ ᠦᠶᠯᠡᠰ ᠤᠨ ᠠᠵᠤ ᠦᠶᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠠᠬᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ᠂ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠠᠵᠤ ᠦᠶᠯᠡᠰ ᠤᠨ ᠠᠮᠤᠷ ᠲᠦᠪᠰᠢᠨ ᠲᠠᠢ ᠬᠤᠯᠪᠣᠭᠳᠠᠨ᠎ᠠ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠦᠴᠦᠨ ᠢᠶᠠᠨ ᠲᠥᠪᠯᠡᠷᠡᠭᠦᠯᠦᠨ ᠰᠦ ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠳᠡᠮᠵᠢᠬᠦ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠰᠦ ᠶᠢᠨ ᠦᠶᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠭᠦᠶᠴᠡᠳ ᠰᠠᠶᠢᠲᠤᠷ ᠬᠡᠷᠡᠭᠯᠡᠵᠦ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠬᠡᠯᠬᠢᠶᠡᠵᠢᠭᠰᠡᠨ ᠮᠠᠶ᠋ᠢᠭ ᠤᠨ ᠰᠡᠳᠭᠢᠬᠦᠶ ᠪᠠᠷ ᠰᠦ ᠶᠢᠨ ᠦᠶᠯᠡᠰ ᠤᠨ ᠲᠥᠪᠯᠡᠷᠡᠭᠰᠡᠨ ᠡᠷᠴᠢᠮᠵᠢᠭᠰᠡᠨ ᠬᠥᠭᠵᠢᠯᠲᠡ᠂ ᠪᠥᠬᠦ ᠬᠡᠯᠬᠢᠶᠡᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠯᠢ ᠪᠢᠩ ᠷᠦᠩ ᠬᠤᠷᠠᠯ ᠳᠤ ᠣᠷᠣᠯᠴᠠᠵᠠᠶ᠃      
          