ᠪᠥᠬᠦ ᠣᠷᠣᠨ ᠤ ᠵᠥᠪᠰᠢᠶᠡᠷᠡᠭᠰᠡᠨ ᠪᠣᠯᠪᠠᠴᠤ ᠬᠠᠩᠭᠠᠭ᠎ᠠ ᠥᠬᠡᠶ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠶᠡᠭᠡ ᠪᠠᠷ ᠪᠠᠶᠢᠴᠠᠭᠠᠨ ᠰᠢᠢᠳᠪᠦᠷᠢᠯᠡᠬᠦ ᠠᠵᠢᠯ ᠨᠢ ᠬᠠᠷᠠᠯᠲᠠ ᠪᠠᠨ ᠪᠠᠷᠢᠮᠲᠠᠯᠠᠨ ᠡᠮᠬᠢ ᠵᠢᠷᠤᠮ ᠲᠠᠢ ᠠᠬᠢᠵᠤ ᠪᠣᠶ
  
2022/8/31
        ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠮᠠᠨ ᠤ ᠣᠷᠣᠨ ᠤ ᠵᠥᠪᠰᠢᠶᠡᠷᠡᠭᠰᠡᠨ ᠪᠣᠯᠪᠠᠴᠤ ᠬᠠᠩᠭᠠᠭ᠎ᠠ ᠥᠬᠡᠶ ᠶᠢ ᠰᠢᠢᠳᠪᠦᠷᠢᠯᠡᠬᠦ ᠲᠠᠯᠠᠪᠠᠶ ᠡᠨᠡ ᠵᠢᠯ ᠤᠨ ᠬᠠᠷᠠᠯᠲᠠ ᠡᠭᠦᠷᠭᠡ ᠶᠢᠨ ᠭᠤᠷᠪᠠᠨ ᠤ ᠨᠢᠭᠡ ᠶᠢ ᠨᠢᠭᠡᠨᠲᠡ ᠪᠡᠶᠡᠯᠡᠭᠦᠯᠵᠦ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠬᠦ ᠣᠨ ᠤ ᠡᠭᠦᠷᠭᠡ ᠪᠠᠨ ᠨᠢᠭᠡᠨᠲᠡ ᠳᠠᠪᠠᠭᠤᠯᠤᠨ ᠪᠡᠶᠡᠯᠡᠭᠦᠯᠪᠡ᠃ ᠪᠥᠬᠦ ᠣᠷᠣᠨ ᠤ ᠵᠥᠪᠰᠢᠶᠡᠷᠡᠭᠰᠡᠨ ᠪᠣᠯᠪᠠᠴᠤ ᠬᠠᠩᠭᠠᠭ᠎ᠠ ᠥᠬᠡᠶ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠬᠦ ᠠᠵᠢᠯ ᠶᠠᠭ ᠡᠮᠬᠢ ᠵᠢᠷᠤᠮ ᠲᠠᠢ᠂ ᠯᠠᠪᠳᠠᠭᠤᠨ ᠢᠶᠠᠷ ᠶᠠᠪᠤᠭᠳᠠᠵᠤ ᠪᠠᠶᠢᠨ᠎ᠠ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠵᠥᠪᠰᠢᠶᠡᠷᠡᠭᠰᠡᠨ ᠪᠣᠯᠪᠠᠴᠤ ᠬᠠᠩᠭᠠᠭ᠎ᠠ ᠥᠬᠡᠶ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠣᠷᠣᠨ ᠤ ᠰᠢᠢᠳᠪᠦᠷᠢᠯᠡᠬᠦ ᠡᠬᠡ ᠲᠠᠩᠰᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ᠂ 2022 ᠣᠨ ᠤ 8 ᠠᠴᠠ 12 ᠳ᠋ᠤᠭᠠᠷ ᠰᠠᠷ᠎ᠠ ᠶᠢᠨ ᠠᠵᠢᠯ ᠢ ᠠᠬᠢᠭᠤᠯᠬᠤ ᠲᠥᠯᠥᠪᠯᠡᠭᠡ ᠶᠢᠨ ᠡᠬᠡ ᠲᠠᠩᠰᠠ ᠶᠢ ᠰᠤᠳᠤᠯᠤᠨ ᠲᠣᠭᠲᠠᠭᠠᠵᠤ᠂ ᠵᠥᠪᠰᠢᠶᠡᠷᠡᠭᠰᠡᠨ ᠪᠣᠯᠪᠠᠴᠤ ᠬᠠᠩᠭᠠᠭ᠎ᠠ ᠥᠬᠡᠶ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠬᠦ ᠰᠠᠷ᠎ᠠ ᠪᠦᠷᠢ ᠶᠢᠨ ᠬᠡᠮᠵᠢᠶ᠎ᠡ ᠶᠢ ᠲᠣᠳᠣᠷᠬᠠᠶᠢᠯᠠᠵᠤ᠂ ᠡᠬᠡ ᠲᠠᠩᠰᠠ ᠶᠢᠨ ᠮᠡᠳᠡᠭᠡ ᠵᠠᠩᠭᠢ ᠶᠢ ᠬᠠᠷᠠᠯᠲᠠ᠂ ᠲᠤᠭ᠎ᠠ᠂ ᠦᠷ᠎ᠡ ᠪᠦᠲᠦᠮᠵᠢ ᠲᠠᠢ ᠪᠠᠶᠢᠯᠭᠠᠬᠤ ᠶᠢ ᠪᠡᠶᠡᠯᠡᠭᠦᠯᠦᠨ᠂ ᠣᠨ ᠤ ᠰᠢᠢᠳᠪᠦᠷᠢᠯᠡᠬᠦ ᠡᠭᠦᠷᠭᠡ ᠪᠠᠨ ᠴᠠᠭ ᠲᠤᠬᠠᠶ ᠳᠤ ᠨᠢ ᠲᠤᠭ᠎ᠠ ᠬᠡᠮᠵᠢᠶ᠎ᠡ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠷᠢᠨ ᠬᠢᠨᠠᠮᠠᠭᠠᠢ ᠰᠤᠳᠤᠯᠵᠤ᠂ ᠨᠠᠷᠢᠨ ᠨᠢᠭᠲᠠ ᠪᠠᠶᠢᠷᠢᠯᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠯᠠᠨ ᠭᠠᠮᠨᠠᠵᠤ ᠥᠨᠳᠥᠷ ᠪᠦᠲᠦᠮᠵᠢᠲᠡᠢ ᠠᠰᠢᠭᠯᠠᠬᠤ ᠶᠢ ᠬᠦᠴᠦᠲᠡᠢ ᠠᠬᠢᠭᠤᠯᠵᠤ ᠪᠠᠶᠢᠨ᠎ᠠ᠃ ᠥᠩᠭᠡᠷᠡᠭᠰᠡᠨ ᠤ ᠠᠵᠢᠯ ᠤᠨ ᠲᠤᠷᠰᠢᠯᠭ᠎ᠠ ᠨᠤᠭᠤᠳ ᠢᠶᠠᠨ ᠨᠠᠷᠢᠨ ᠬᠢᠨᠠᠮᠠᠭᠠᠶ ᠡᠮᠬᠢᠯᠡᠨ ᠳ᠋ᠦᠩᠨᠡᠬᠦ ᠪᠠᠷ ᠳᠡᠮᠵᠢᠨ᠂ ᠵᠥᠪᠰᠢᠶᠡᠷᠡᠭᠰᠡᠨ ᠪᠣᠯᠪᠠᠴᠤ ᠬᠠᠩᠭᠠᠭ᠎ᠠ ᠥᠬᠡᠶ ᠰᠢᠯᠲᠠᠭᠠᠨ ᠢ ᠠᠩᠬ᠎ᠠ ᠠᠯᠬᠤᠮ 8 ᠲᠥᠷᠥᠯ ᠳᠤ ᠬᠤᠪᠢᠶᠠᠵᠤ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢᠨ ᠪᠣᠶ ᠪᠣᠯᠤᠭᠰᠠᠨ ᠰᠢᠯᠲᠠᠭᠠᠨ ᠢ ᠠᠩᠬ᠎ᠠ ᠠᠯᠬᠤᠮ 5 ᠲᠥᠷᠥᠯ ᠳᠤ ᠬᠤᠪᠢᠶᠠᠵᠠᠢ᠃ ᠨᠠᠷᠢᠨ ᠲᠠᠩᠰᠠ ᠲᠠᠢ ᠬᠠᠷᠢᠴᠠᠭᠤᠯᠤᠨ ᠲᠥᠷᠥᠯ ᠳᠠᠷᠠᠭᠠᠯᠠᠨ ᠪᠣᠶ ᠪᠣᠯᠤᠭᠰᠠᠨ ᠰᠢᠯᠲᠠᠭᠠᠨ ᠢ ᠨᠤᠲᠠᠯᠠᠵᠤ᠂ ︽ᠨᠢᠭᠡ ᠭᠠᠵᠠᠷ ᠣᠷᠣᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠵᠠᠷᠴᠢᠮ ᠶᠣᠰᠣᠭᠠᠷ᠂ ᠰᠢᠢᠳᠪᠦᠷᠢᠯᠡᠬᠦ ᠲᠥᠰᠦᠯ ᠢ ᠴᠢᠭᠯᠡᠯᠲᠦ ᠴᠢᠨᠠᠷᠲᠠᠶ ᠪᠠᠷ ᠲᠣᠭᠲᠠᠭᠠᠵᠤ᠂ ᠭᠠᠵᠠᠷ ᠰᠢᠷᠣᠶ ᠶᠢ ᠰᠢᠢᠳᠪᠦᠷᠢᠯᠡᠬᠦ ᠡᠷᠴᠢᠮ ᠢ ᠭᠤᠤᠯᠳᠠᠯᠭ᠎ᠠ ᠲᠠᠢ ᠴᠢᠩᠭᠠᠷᠠᠭᠤᠯᠬᠤ ᠬᠡᠷᠡᠭᠲᠡᠢ ᠭᠡᠵᠦ ᠡᠯ᠎ᠡ ᠠᠶᠢᠮᠠᠭ ᠬᠤᠲᠠ ᠶᠢ ᠱᠠᠭᠠᠷᠳᠠᠪᠠ᠃      ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠲᠦᠷᠦᠭᠦᠬᠡᠨ ᠳᠠᠷᠤᠮᠠᠯᠯᠠᠨ ᠲᠠᠷᠬᠠᠭᠠᠭᠰᠠᠨ 《ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠨᠠᠷᠢᠨ ᠲᠦᠷᠢᠮ》 ᠳᠤ ᠪᠠᠰᠠ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠢ ᠠᠰᠢᠭᠯᠠᠨ᠂ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠰᠡᠨ ᠪᠣᠯᠪᠠᠴᠤ ᠬᠠᠩᠭᠠᠭ᠎ᠠ ᠥᠬᠡᠶ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠨᠢᠭᠡᠳ ᠨᠢᠭᠡ ᠪᠠᠷ ᠬᠥᠮᠥᠷᠭᠡ ᠳᠤ ᠣᠷᠣᠭᠤᠯᠵᠤ᠂ ᠲᠥᠷᠥᠯ ᠵᠦᠢᠯ ᠤᠨ ᠨᠠᠷᠢᠨ ᠲᠠᠩᠰᠠ ᠪᠠᠶᠢᠭᠤᠯᠤᠨ᠂ ᠠᠶᠢᠮᠠᠭ ᠬᠤᠲᠠ᠂ ᠬᠤᠰᠢᠭᠤ ᠰᠢᠶᠠᠨ ᠲᠠᠢ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢᠨ ᠬᠢᠨᠠᠨ ᠵᠥᠪᠰᠢᠶᠡᠷᠡᠯ᠂ ᠬᠠᠩᠭᠠᠯᠭ᠎ᠠ ᠶᠢᠨ ᠲᠤᠭ᠎ᠠ ᠪᠠᠷᠢᠮᠲᠠ ᠶᠢ ᠦᠨᠡᠨ ᠬᠦ ᠬᠠᠳᠠᠭᠠᠯᠠᠵᠤ᠂ ᠬᠠᠮᠢᠶᠠᠷᠴᠤ᠂ ᠬᠡᠷᠡᠭᠯᠡᠵᠦ᠂ ᠭᠠᠵᠠᠷ ᠰᠢᠷᠣᠶ ᠶᠢᠨ ᠡᠬᠢ ᠪᠠᠶᠠᠯᠢᠭ ᠤᠨ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠳᠤ ᠬᠦᠴᠦᠲᠡᠶ ᠲᠤᠯᠭᠠᠭᠤᠷᠢ ᠬᠠᠩᠭᠠᠨ᠎ᠠ ᠭᠡᠵᠦ ᠳᠤᠷᠠᠳᠤᠨ ᠭᠠᠷᠭᠠᠵᠠᠶ᠃      
          