| ᠬᠠᠮᠤᠭ ᠤᠨ ᠠᠩᠬᠠᠷᠤᠯ ᠲᠠᠯᠪᠢᠵᠤ ᠪᠠᠶᠢᠭ᠎ᠠ ᠲᠠᠪᠤᠨ ᠠᠰᠠᠭᠤᠳᠠᠯ | | | ᠶᠡᠭᠡ ᠲᠢᠩᠬᠢᠮ ᠳᠤ ᠬᠡᠵᠢᠶ᠎ᠡ ᠨᠡᠭᠦᠬᠦ ᠪᠤᠢ︖ | | 2022 ᠣᠨ ᠤ 9 ᠰᠠᠷ᠎ᠠ ᠶᠢᠨ 3 ᠤ ᠡᠳᠦᠷ ᠠᠴᠠ 4 ᠤ ᠡᠳᠦᠷ ︵ᠭᠠᠷᠠᠭ ᠤᠨ ᠵᠢᠷᠭᠤᠭᠠᠨ᠂ ᠡᠳᠦᠷ︶ ᠪᠣᠯᠲᠠᠯ᠎ᠠ᠂ ᠤᠷᠠᠳ ᠤᠨ ᠬᠤᠶᠢᠲᠤ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠢ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠲᠣᠮᠣ ᠠᠰᠠᠷ ︵ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ ᠪᠠᠶᠠᠨᠴᠢᠠᠳᠠᠮᠤᠨᠢ ᠵᠡᠭᠡᠯᠢ ᠬᠢᠭᠡᠳ ᠴᠤᠬᠠᠦ᠋ᠨᠳᠦᠷ ᠵᠠᠮ ᠤᠨ ᠠᠭᠤᠯᠵᠠᠷ ᠭᠠᠵᠠᠷ︶ | ᠲᠤ ᠨᠡᠭᠦᠯᠭᠡᠨ᠎ᠡ᠃ | | ᠨᠡᠭᠦᠭᠰᠡᠨ ᠡᠳᠦᠷ ᠠᠴᠠ ᠡᠬᠢᠯᠡᠨ᠂ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ︵ᠯᠠᠨ ᠲᠢᠶᠠᠨ | ᠨᠡᠶᠢᠭᠡᠮ ᠲᠣᠭᠤᠷᠢᠭ ᠤᠨ ᠬᠤᠶᠢᠲᠤ ᠲᠠᠯ᠎ᠠ︶ ᠢ ᠬᠡᠷᠡᠭᠯᠡᠬᠦ ᠪᠠᠨ ᠪᠤᠯᠢᠵᠤ᠂ ᠶᠠᠮᠠᠷᠪᠠ ᠲᠤᠬᠠᠶᠢᠯᠠᠭᠰᠠᠨ ᠠᠵᠢᠯ ᠢ ᠳᠠᠭᠢᠵᠤ ᠬᠦᠢᠴᠡᠳᠬᠡᠬᠦ ᠪᠠᠨ ᠪᠤᠯᠤᠨ᠎ᠠ᠃ | | ᠲᠤᠬᠠᠶᠢᠯᠠᠭᠰᠠᠨ ᠠᠵᠢᠯ ᠢᠶᠠᠨ ᠬᠡᠵᠢᠶ᠎ᠡ ᠭᠦᠢᠴᠡᠳᠬᠡᠵᠦ ᠪᠣᠯᠬᠤ ᠪᠤᠶ︖ | | 2022 ᠣᠨ ᠤ 9 ᠰᠠᠷ᠎ᠠ ᠶᠢᠨ 3 ᠤ ᠡᠳᠦᠷ ᠠᠴᠠ 4 ᠤ ᠡᠳᠦᠷ ︵ᠭᠠᠷᠠᠭ ᠤᠨ ᠵᠢᠷᠭᠤᠭᠠᠨ᠂ ᠡᠳᠦᠷ︶ ᠪᠣᠯᠲᠠᠯ᠎ᠠ᠂ ᠲᠤᠬᠠᠶᠢᠯᠠᠭᠰᠠᠨ ᠠᠵᠢᠯ ᠢ ᠬᠤᠶᠠᠷ | ᠡᠳᠦᠷ ᠲᠦᠷ ᠵᠣᠭᠰᠣᠭᠠᠵᠤ᠂ ᠲᠤᠬᠠᠶᠢᠯᠠᠭᠰᠠᠨ ᠠᠵᠢᠯ ᠢ ᠰᠦᠯᠵᠢᠶᠡᠨ ᠳᠤ ᠣᠷᠣᠭᠤᠯᠤᠨ ᠳᠣᠭᠢᠷᠠᠭᠤᠯᠤᠨ᠎ᠠ᠃ 9 ᠰᠠᠷ᠎ᠠ ᠶᠢᠨ 5 ᠤ ᠡᠳᠦᠷ ︵ᠭᠠᠷᠠᠭ ᠤᠨ ᠨᠢᠭᠡᠨ︶ | ᠠᠴᠠ ᠡᠬᠢᠯᠡᠨ᠂ ᠣᠯᠠᠨ ᠵᠦᠢᠯ ᠤᠨ ᠲᠤᠬᠠᠶᠢᠯᠠᠭᠰᠠᠨ ᠠᠵᠢᠯ ᠢ ᠰᠢᠨ᠎ᠡ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠡᠬᠢᠯᠡᠨ ᠬᠦᠢᠴᠡᠳᠬᠡᠨ᠎ᠠ᠂ | ᠵᠢᠱᠢᠶᠡᠯᠡᠪᠡᠯ ᠥᠯᠥ ᠬᠥᠳᠡᠯᠬᠦ ᠬᠥᠷᠥᠩᠭᠡ ᠶᠢᠨ ᠠᠷᠠᠯᠵᠢᠶ᠎ᠠ᠂ ᠨᠡᠶᠢᠭᠡᠮ ᠤᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠡᠷᠦᠬᠡ ᠠᠮᠠ ᠶᠢᠨ | ᠲᠠᠩᠰᠠ᠂ ᠤᠰᠤ᠂ ᠴᠠᠬᠢᠯᠭᠠᠨ᠂ ᠳᠤᠯᠠᠭᠠᠯᠠᠭ᠎ᠠ ᠶᠢᠨ ᠲᠤᠬᠠᠶᠢᠯᠠᠭᠰᠠᠨ ᠠᠵᠢᠯ ᠵᠡᠷᠭᠡ ᠪᠣᠯᠤᠨ᠎ᠠ᠃ ᠸᠢᠴᠠᠲ ᠤᠨ ᠨᠡᠶᠢᠲᠡ ᠶᠢᠨ ᠳ᠋ᠤᠭᠠᠷ ︽ᠤᠷᠠᠳ ᠤᠨ ᠬᠤᠶᠢᠲᠤ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠳᠤ ᠨᠠᠷᠢᠨ ᠪᠠᠶᠢᠳᠠᠯ ᠢ ᠠᠩᠬᠠᠷᠤᠯ ᠳᠠᠭᠠᠨ ᠠᠪᠤᠭᠠᠷᠠᠶ᠃ | | ᠰᠢᠨ᠎ᠡ ᠬᠡᠷᠡᠭ ᠡᠷᠬᠢᠯᠡᠬᠦ ᠲᠢᠩᠬᠢᠮ ᠢ ᠬᠡᠷᠬᠢᠨ ᠪᠠᠶᠢᠷᠢᠯᠠᠭᠤᠯᠬᠤ ᠪᠤᠢ︖ | | ᠨᠢᠭᠡᠳᠦᠭᠡᠷ ᠳᠠᠪᠬᠤᠷᠯᠢᠭ ᠲᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ︵ᠨᠡᠶᠢᠭᠡᠮ ᠤᠨ ᠪᠠᠲᠤᠯᠠᠭ᠎ᠠ ᠶᠢᠨ ᠲᠤᠰᠬᠠᠶ ᠣᠷᠣᠨ᠂ | ᠶᠡᠷᠦᠩᠬᠡᠶᠢᠯᠡᠭᠰᠡᠨ ᠦᠢᠯᠡᠴᠢᠯᠡᠬᠡᠨ ᠤ ᠲᠤᠰᠬᠠᠶ ᠣᠷᠣᠨ᠂ ᠵᠠᠮ ᠬᠠᠷᠢᠯᠴᠠᠭ᠎ᠠ ᠭᠠᠳᠠᠭᠰᠢ ᠭᠠᠷᠬᠤ ᠲᠤᠰᠬᠠᠶ ᠣᠷᠣᠨ᠂ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠲᠤᠰᠬᠠᠶ ᠣᠷᠣᠨ︶᠂ ᠬᠤᠳᠠᠯᠳᠤᠭ᠎ᠠ ᠡᠷᠭᠢᠯᠡᠬᠦ ᠣᠷᠴᠢᠨ ᠠᠬᠤᠶ ᠶᠢᠨ ᠦᠢᠯᠡᠴᠢᠯᠡᠬᠡᠨ ᠤ ᠲᠢᠩᠬᠢᠮ ︵ᠨᠢᠭᠡ ᠯᠡ ᠤᠳᠠᠭ᠎ᠠ ᠬᠦᠢᠴᠡᠳᠬᠡᠬᠦ | ᠲᠤᠰᠬᠠᠶ ᠣᠷᠣᠨ᠂ ᠲᠠᠨ ᠢ ᠬᠠᠪᠰᠤᠷᠤᠨ ᠬᠦᠢᠴᠡᠳᠬᠡᠬᠦ ᠲᠤᠰᠬᠠᠶ ᠣᠷᠣᠨ᠂ ᠭᠠᠶᠢᠯᠢ ᠶᠢᠨ ᠶᠠᠪᠤᠳᠠᠯ ᠤᠨ ᠲᠤᠰᠬᠠᠶ ᠣᠷᠣᠨ᠂ ᠠᠵᠤ ᠠᠬᠤᠶᠢᠯᠠᠯ ᠳᠤ ᠬᠤᠯᠪᠣᠭᠳᠠᠬᠤ | ᠨᠡᠶᠢᠭᠡᠮ ᠤᠨ ᠬᠡᠷᠡᠭ ᠶᠠᠪᠤᠳᠠᠯ ᠤᠨ ᠲᠤᠰᠬᠠᠶ ᠣᠷᠣᠨ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠲᠠᠶᠢᠯᠬᠤ ᠦᠢᠯᠡᠴᠢᠯᠡᠬᠡᠨ ᠤ ᠲᠤᠰᠬᠠᠶ ᠣᠷᠣᠨ᠂ ᠠᠵᠤ | ᠦᠢᠯᠡᠳᠪᠤᠷᠢ ᠶᠢᠨ ᠥᠭᠡᠷᠡᠴᠢᠯᠡᠯᠲᠡ ᠶᠢᠨ ᠲᠤᠰᠬᠠᠶ ᠣᠷᠣᠨ︶ ᠪᠠ 24 ᠴᠠᠭ ᠤᠨ ᠥᠪᠡᠰᠦᠪᠡᠨ ᠦᠢᠯᠡᠴᠢᠯᠡᠬᠦ ᠲᠢᠩᠬᠢᠮ ᠪᠣᠶ᠃ | ᠬᠤᠶᠠᠳᠤᠭᠠᠷ ᠳᠠᠪᠬᠤᠷᠯᠢᠭ ᠲᠤ ᠤᠶᠤᠨᠲᠤ ᠬᠤᠲᠠ ᠶᠢᠨ ᠵᠢᠯᠣᠭᠤᠳᠤᠨ ᠳᠣᠭᠢᠷᠠᠭᠤᠯᠬᠤ ᠲᠥᠪ᠂ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠵᠢᠯᠣᠭᠤᠳᠤᠨ ᠳᠣᠭᠢᠷᠠᠭᠤᠯᠬᠤ ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ | ᠲᠥᠪ ᠪᠠ ᠣᠷᠤᠭ ᠤᠨ ᠳᠡᠩᠰᠡᠯᠡᠯᠲᠡ ᠶᠢᠨ ᠶᠡᠭᠡ ᠲᠢᠩᠬᠢᠮ ᠪᠣᠶ᠃ | ᠳᠥᠷᠪᠡᠳᠦᠭᠡᠷ ᠳᠠᠪᠬᠤᠷᠯᠢᠭ ᠨᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ︵ᠲᠥᠪ︶ ᠶᠢᠨ ᠪᠠᠶᠢᠭᠤᠯᠭ᠎ᠠ ᠶᠢᠨ ᠠᠵᠢᠯᠯᠠᠬᠤ ᠲᠣᠭᠤᠷᠢᠭ | ᠪᠣᠯᠤᠨ᠎ᠠ᠃ | | ᠰᠢᠨ᠎ᠡ ᠵᠠᠰᠠᠭ ᠤᠨ ᠶᠠᠪᠤᠳᠠᠯ ᠤᠨ ᠲᠢᠩᠬᠢᠮ ᠤᠨ ᠬᠠᠶ᠋ᠢᠭ | | ᠬᠠᠶ᠋ᠢᠭ ᠤᠨ ᠵᠢᠭᠠᠯᠲᠠ᠄ ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ ᠪᠠᠶᠠᠨᠴᠢᠨᠳᠠᠮᠤᠨᠢ ᠵᠡᠭᠡᠯᠢ ᠪᠣᠯᠤᠨ ᠴᠤᠬᠠᠦ᠋ᠨᠳᠤᠷ ᠵᠠᠮ ᠤᠨ | ᠠᠭᠤᠯᠵᠠᠷ ᠭᠠᠵᠠᠷ᠃ | ᠪᠠᠴᠢᠮ ᠭᠦᠢᠴᠡᠳᠬᠡᠬᠦ ᠴᠢᠬᠤᠯᠠᠲᠠᠶ ᠲᠤᠬᠠᠶᠢᠯᠠᠭᠰᠠᠨ ᠠᠵᠢᠯ ᠪᠠᠶᠢᠪᠠᠯ ᠶᠠᠭᠠᠬᠢᠬᠤ ᠪᠤᠶ︖ | ᠬᠡᠷᠪᠡ ᠠᠰᠠᠭᠤᠨ ᠯᠠᠪᠯᠠᠬᠤ ᠪᠤᠶᠤ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ ᠪᠠᠴᠢᠮ ᠭᠦᠢᠴᠡᠳᠬᠡᠬᠦ ᠳᠤ ᠬᠦᠷᠪᠡᠯ᠂ ᠤᠷᠢᠳᠴᠢᠯᠠᠨ ᠤᠲᠠᠰᠤ ᠪᠠᠷ ᠤᠷᠢᠳᠴᠢᠯᠠᠨ | ᠪᠣᠯᠵᠣᠵᠤ᠂ ᠤᠷᠢᠳᠴᠢᠯᠠᠨ ᠪᠣᠯᠵᠣᠭᠰᠠᠨ ᠤᠲᠠᠰᠤ ᠶᠢ ᠠᠰᠠᠭᠤᠨ ᠯᠠᠪᠯᠠᠵᠤ ᠪᠣᠯᠤᠨ᠎ᠠ᠄ | 13789480733᠂ | 15104781810᠃ | ᠨᠡᠭᠦᠯᠭᠡᠬᠦ ᠪᠠ ᠲᠤᠷᠰᠢᠨ ᠠᠵᠢᠯᠯᠠᠭᠤᠯᠬᠤ ᠱᠠᠲᠤᠨ ᠳᠤ ᠲᠠᠨ ᠳᠤ ᠳᠥᠭᠦᠮ ᠦᠭᠡᠢ ᠪᠣᠯᠭᠠᠭᠰᠠᠨ ᠶᠠᠪᠤᠳᠠᠯ ᠢ ᠠᠭᠤᠴᠢᠯᠠᠬᠤ ᠶᠢ ᠬᠢᠴᠢᠶᠡᠩᠭᠦ᠋ᠢᠯᠡᠨ ᠬᠦᠰᠡᠶ᠎ᠡ︕ | ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠴᠢᠨᠢ ᠲᠠᠯᠠᠷᠬᠠᠵᠤ ᠪᠠᠶᠢᠨ᠎ᠠ︕ | |