ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ  ᠢ  ᠨᠡᠬᠦᠯᠬᠡᠬᠦ  ᠪᠠᠷ ᠪᠠᠶᠢᠨ᠎ᠠ
ᠨᠡᠶᠢᠲᠡᠯᠡᠭᠰᠡᠨ ᠴᠠᠭ᠄
2022/8/31
           2022 ᠣᠨ ᠤ 9 ᠰᠠᠷ᠎ᠠ ᠶᠢᠨ 3 ᠤ ᠡᠳᠦᠷ ᠠᠴᠠ 4 ᠤ ᠡᠳᠦᠷ ︵ᠭᠠᠷᠠᠭ ᠤᠨ ᠵᠢᠷᠭᠤᠭᠠᠨ᠂ ᠡᠳᠦᠷ︶ ᠪᠣᠯᠲᠠᠯ᠎ᠠ᠂ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠢ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠮᠣ ᠠᠰᠠᠷ ︵ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ ᠪᠠᠶᠠᠨᠴᠢᠠᠳᠠᠮᠤᠨᠢ ᠵᠡᠭᠡᠯᠢ ᠬᠢᠭᠡᠳ ᠴᠤᠬᠠᠦ᠋ᠨᠳᠦᠷ ᠵᠠᠮ ᠤᠨ ᠠᠭᠤᠯᠵᠠᠷ ᠭᠠᠵᠠᠷ︶ ᠲᠤ  ᠨᠡᠬᠦᠯᠬᠡᠬᠦ ᠶᠤᠮ᠃   ᠨᠡᠭᠦᠭᠰᠡᠨ ᠡᠳᠦᠷ ᠠᠴᠠ ᠡᠬᠢᠯᠡᠨ᠂ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ  ᠦᠢᠯᠡᠴᠢᠯᠡᠬᠡᠨ ᠤ ᠶᠡᠭᠡ ᠲᠢᠩᠬᠢᠮ ︵ᠯᠠᠨ ᠲᠢᠶᠠᠨ ᠨᠡᠶᠢᠭᠡᠮ ᠲᠣᠭᠤᠷᠢᠭ ᠤᠨ ᠬᠤᠶᠢᠲᠤ ᠲᠠᠯ᠎ᠠ︶ ᠢ ᠬᠡᠷᠡᠭᠯᠡᠬᠦ ᠪᠠᠨ ᠪᠤᠯᠢᠵᠤ᠂ ᠶᠠᠮᠠᠷᠪᠠ ᠲᠤᠬᠠᠶᠢᠯᠠᠭᠰᠠᠨ ᠠᠵᠢᠯ ᠢ ᠳᠠᠭᠢᠵᠤ  ᠬᠦᠢᠴᠡᠳᠬᠡᠬᠦ ᠪᠠᠨ  ᠪᠤᠯᠤᠨ᠎ᠠ᠃          2022 ᠣᠨ ᠤ 9 ᠰᠠᠷ᠎ᠠ ᠶᠢᠨ 3 ᠤ ᠡᠳᠦᠷ ᠠᠴᠠ 4 ᠤ ᠡᠳᠦᠷ ︵ᠭᠠᠷᠠᠭ ᠤᠨ ᠵᠢᠷᠭᠤᠭᠠᠨ᠂ ᠡᠳᠦᠷ︶ ᠪᠣᠯᠲᠠᠯ᠎ᠠ᠂ ᠲᠤᠬᠠᠶᠢᠯᠠᠭᠰᠠᠨ ᠠᠵᠢᠯ ᠢ ᠬᠤᠶᠠᠷ ᠡᠳᠦᠷ ᠲᠦᠷ ᠵᠣᠭᠰᠣᠭᠠᠵᠤ᠂ ᠲᠤᠬᠠᠶᠢᠯᠠᠭᠰᠠᠨ ᠠᠵᠢᠯ ᠢ ᠰᠦᠯᠵᠢᠶᠡᠨ ᠳᠤ ᠣᠷᠣᠭᠤᠯᠤᠨ ᠳᠣᠭᠢᠷᠠᠭᠤᠯᠤᠨ᠎ᠠ᠃ 9 ᠰᠠᠷ᠎ᠠ ᠶᠢᠨ 5 ᠤ ᠡᠳᠦᠷ ︵ᠭᠠᠷᠠᠭ ᠤᠨ ᠨᠢᠭᠡᠨ︶ ᠠᠴᠠ ᠡᠬᠢᠯᠡᠨ᠂ ᠣᠯᠠᠨ ᠵᠦᠢᠯ ᠤᠨ ᠲᠤᠬᠠᠶᠢᠯᠠᠭᠰᠠᠨ ᠠᠵᠢᠯ ᠢ ᠰᠢᠨ᠎ᠡ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠡᠬᠢᠯᠡᠨ  ᠬᠦᠢᠴᠡᠳᠬᠡᠨ᠎ᠠ᠂ ᠵᠢᠱᠢᠶᠡᠯᠡᠪᠡᠯ ᠥᠯᠥ ᠬᠥᠳᠡᠯᠬᠦ ᠬᠥᠷᠥᠩᠭᠡ ᠶᠢᠨ ᠠᠷᠠᠯᠵᠢᠶ᠎ᠠ᠂ ᠨᠡᠶᠢᠭᠡᠮ ᠤᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠡᠷᠦᠬᠡ ᠠᠮᠠ ᠶᠢᠨ ᠲᠠᠩᠰᠠ᠂ ᠤᠰᠤ᠂ ᠴᠠᠬᠢᠯᠭᠠᠨ᠂ ᠳᠤᠯᠠᠭᠠᠯᠠᠭ᠎ᠠ ᠶᠢᠨ ᠲᠤᠬᠠᠶᠢᠯᠠᠭᠰᠠᠨ ᠠᠵᠢᠯ ᠵᠡᠷᠭᠡ ᠪᠣᠯᠤᠨ᠎ᠠ᠃ ᠸᠢᠴᠠᠲ ᠤᠨ ᠨᠡᠶᠢᠲᠡ ᠶᠢᠨ ᠳ᠋ᠤᠭᠠᠷ ︽ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡ︾ ᠳᠤ ᠨᠠᠷᠢᠨ ᠪᠠᠶᠢᠳᠠᠯ ᠢ ᠠᠩᠬᠠᠷᠤᠯ ᠳᠠᠭᠠᠨ ᠠᠪᠤᠭᠠᠷᠠᠶ᠃           ᠰᠢᠨ᠎ᠡ ᠬᠡᠷᠡᠭ ᠡᠷᠬᠢᠯᠡᠬᠦ ᠲᠢᠩᠬᠢᠮ  ᠤᠨ ᠪᠠᠶᠢᠷᠢᠯᠠᠭᠤᠯᠤᠯᠳᠠ ᠨᠢ᠄ ᠨᠢᠭᠡᠳᠦᠭᠡᠷ ᠳᠠᠪᠬᠤᠷᠯᠢᠭ ᠲᠤ ᠵᠠᠰᠠᠭ ᠤᠨ ᠶᠠᠪᠤᠳᠠᠯ ᠤᠨ  ᠦᠢᠯᠡᠴᠢᠯᠡᠬᠡᠨ ᠤ ᠲᠢᠩᠬᠢᠮ ︵ᠨᠡᠶᠢᠭᠡᠮ ᠤᠨ ᠪᠠᠲᠤᠯᠠᠭ᠎ᠠ ᠶᠢᠨ ᠲᠤᠰᠬᠠᠶ ᠣᠷᠣᠨ᠂ ᠶᠡᠷᠦᠩᠬᠡᠶᠢᠯᠡᠭᠰᠡᠨ  ᠦᠢᠯᠡᠴᠢᠯᠡᠬᠡᠨ ᠤ ᠲᠤᠰᠬᠠᠶ ᠣᠷᠣᠨ᠂ ᠵᠠᠮ ᠬᠠᠷᠢᠯᠴᠠᠭ᠎ᠠ ᠭᠠᠳᠠᠭᠰᠢ ᠭᠠᠷᠬᠤ ᠲᠤᠰᠬᠠᠶ ᠣᠷᠣᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠰᠬᠠᠶ ᠣᠷᠣᠨ︶᠂ ᠬᠤᠳᠠᠯᠳᠤᠭ᠎ᠠ ᠡᠷᠭᠢᠯᠡᠬᠦ ᠣᠷᠴᠢᠨ ᠠᠬᠤᠶ ᠶᠢᠨ ᠦᠢᠯᠡᠴᠢᠯᠡᠬᠡᠨ ᠤ ᠲᠢᠩᠬᠢᠮ ︵ᠨᠢᠭᠡ ᠯᠡ ᠤᠳᠠᠭ᠎ᠠ  ᠬᠦᠢᠴᠡᠳᠬᠡᠬᠦ ᠲᠤᠰᠬᠠᠶ ᠣᠷᠣᠨ᠂ ᠲᠠᠨ ᠢ ᠬᠠᠪᠰᠤᠷᠤᠨ  ᠬᠦᠢᠴᠡᠳᠬᠡᠬᠦ ᠲᠤᠰᠬᠠᠶ ᠣᠷᠣᠨ᠂ ᠭᠠᠶᠢᠯᠢ ᠶᠢᠨ ᠶᠠᠪᠤᠳᠠᠯ ᠤᠨ ᠲᠤᠰᠬᠠᠶ ᠣᠷᠣᠨ᠂ ᠠᠵᠤ ᠠᠬᠤᠶᠢᠯᠠᠯ ᠳᠤ ᠬᠤᠯᠪᠣᠭᠳᠠᠬᠤ ᠨᠡᠶᠢᠭᠡᠮ ᠤᠨ ᠬᠡᠷᠡᠭ ᠶᠠᠪᠤᠳᠠᠯ ᠤᠨ ᠲᠤᠰᠬᠠᠶ ᠣᠷᠣᠨ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠲᠠᠶᠢᠯᠬᠤ ᠦᠢᠯᠡᠴᠢᠯᠡᠬᠡᠨ ᠤ ᠲᠤᠰᠬᠠᠶ ᠣᠷᠣᠨ᠂ ᠠᠵᠤ  ᠦᠢᠯᠡᠳᠪᠤᠷᠢ ᠶᠢᠨ ᠥᠭᠡᠷᠡᠴᠢᠯᠡᠯᠲᠡ ᠶᠢᠨ ᠲᠤᠰᠬᠠᠶ ᠣᠷᠣᠨ︶ ᠪᠠ 24 ᠴᠠᠭ ᠤᠨ ᠥᠪᠡᠰᠦᠪᠡᠨ  ᠦᠢᠯᠡᠴᠢᠯᠡᠬᠦ ᠲᠢᠩᠬᠢᠮ ᠪᠣᠶ᠃  ᠬᠤᠶᠠᠳᠤᠭᠠᠷ ᠳᠠᠪᠬᠤᠷᠯᠢᠭ ᠲᠤ ᠤᠶᠤᠨᠲᠤ ᠬᠤᠲᠠ ᠶᠢᠨ ᠵᠢᠯᠣᠭᠤᠳᠤᠨ ᠳᠣᠭᠢᠷᠠᠭᠤᠯᠬᠤ ᠲᠥᠪ᠂ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠵᠢᠯᠣᠭᠤᠳᠤᠨ ᠳᠣᠭᠢᠷᠠᠭᠤᠯᠬᠤ ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ᠪᠠ ᠣᠷᠤᠭ ᠤᠨ ᠳᠡᠩᠰᠡᠯᠡᠯᠲᠡ ᠶᠢᠨ ᠶᠡᠭᠡ ᠲᠢᠩᠬᠢᠮ ᠪᠣᠶ᠃   ᠳᠥᠷᠪᠡᠳᠦᠭᠡᠷ ᠳᠠᠪᠬᠤᠷᠯᠢᠭ ᠨᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ︵ᠲᠥᠪ︶ ᠶᠢᠨ ᠪᠠᠶᠢᠭᠤᠯᠭ᠎ᠠ ᠶᠢᠨ ᠠᠵᠢᠯᠯᠠᠬᠤ ᠲᠣᠭᠤᠷᠢᠭ ᠪᠣᠯᠤᠨ᠎ᠠ᠃            
ᠢᠷᠡᠯᠲᠡ᠄ ᠲᠤᠰ ᠰᠦᠯᠵᠢᠶ᠎ᠠ