ᠬᠤᠰᠢᠭᠤᠨ ᠤ ᠲᠦᠷᠪᠠᠨ ᠶᠡᠭᠡ ᠪᠠᠭ ᠤᠨ ᠤᠳᠤᠷᠢᠳᠤᠯᠭ᠎ᠠ ᠴᠤᠬᠠᠦ᠋ᠠᠲᠤᠷ ᠪᠠᠯᠭᠠᠰᠤᠨ ᠳᠤ ᠭᠦᠨᠵᠡᠭᠡᠶᠢᠷᠡᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ · ᠨᠠᠮ ᠢᠶᠠᠨ ᠡᠭᠦᠷᠢᠳᠡ ᠳᠠᠭᠠᠨ᠎ᠠ · ᠰᠢᠨ᠎ᠡ ᠬᠤᠶᠢᠲᠤ ᠬᠤᠰᠢᠭᠤᠨ ᠳᠤ ᠭᠠᠪᠢᠶ᠎ᠠ ᠪᠠᠶᠢᠭᠤᠯᠰᠤᠭᠠᠶ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/8/9
        6 ᠰᠠᠷ᠎ᠠ ᠶᠢᠨ 25 ᠤ ᠡᠳᠦᠷ᠂  ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠶᠢᠨ ᠪᠦᠦ᠂  ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ  ᠡᠷᠬᠢᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ  ᠰᠡᠴᠡᠩᠭᠤᠸ᠎ᠠ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠤᠤ ᠶᠦᠨ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ  ᠴᠤᠬᠠᠦ᠋ᠠᠲᠤᠷ ᠪᠠᠯᠭᠠᠰᠤᠨ ᠳᠤ ᠭᠦᠨᠵᠡᠭᠡᠶᠢᠷᠡᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ · ᠨᠠᠮ ᠢᠶᠠᠨ ᠡᠭᠦᠷᠢᠳᠡ ᠳᠠᠭᠠᠨ᠎ᠠ · ᠰᠢᠨ᠎ᠡ ᠬᠤᠶᠢᠲᠤ ᠬᠤᠰᠢᠭᠤᠨ ᠳᠤ ᠭᠠᠪᠢᠶ᠎ᠠ ᠪᠠᠶᠢᠭᠤᠯᠰᠤᠭᠠᠶ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃        ᠪᠥᠬᠦ ᠤᠯᠤᠰ ᠤᠨ ᠰᠢᠯᠢᠳᠡᠭ ᠠᠯᠪᠠᠲᠠᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠢᠭᠡᠳᠦᠭᠡᠷ ᠳᠡᠰ ᠤᠨ ᠪᠠᠭᠠᠲᠤᠷ ᠵᠢᠱᠢᠶᠡᠴᠢ  ᠪᠤᠶᠠᠠᠲᠡᠯᠭᠡᠷ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ︽ᠲᠡᠩᠨᠡᠭᠦᠷ ᠤᠨ ᠢᠷᠠᠭᠤ ᠠᠯᠳᠠᠷ ᠤᠨ ᠱᠠᠩᠨᠠᠯ ᠤᠨ ᠲᠡᠮᠳᠡᠭ︾ ᠬᠦᠷᠲᠡᠭᠴᠢ  ᠪᠠᠶᠠᠠᠨᠠᠮᠤᠷ᠂ ᠪᠥᠬᠦ ᠤᠯᠤᠰ ᠤᠨ ︽ᠬᠠᠮᠤᠭ ᠤᠨ ᠭᠤᠶᠣ ᠠᠯᠪᠠᠲᠠᠨ︾ ᠸᠠᠩ ᠶᠠᠨ᠂ ᠪᠥᠬᠦ ᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠪᠠᠭᠠᠲᠤᠷ ᠵᠡᠷᠭᠡ ᠮᠠᠨ ᠤ ᠬᠤᠰᠢᠭᠤᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠬᠠᠮᠲᠤ ᠠᠵᠢᠯᠯᠠᠭ᠎ᠠ ᠳᠤ ᠣᠷᠣᠯᠴᠠᠵᠠᠶ᠃     ᠠᠵᠢᠯᠯᠠᠭ᠎ᠠ ᠶᠢᠨ ᠳᠤᠮᠳᠠ᠂ ᠸᠠᠩ ᠶᠢᠨ ᠪᠦᠦ ᠨᠥᠬᠦᠷ ᠪᠠᠭᠠᠲᠤᠷ ᠵᠢᠱᠢᠶᠡᠴᠢ ᠶᠢᠨ ᠲᠥᠯᠥᠭᠡᠯᠡᠭᠴᠢ ᠵᠢᠴᠢ ᠨᠠᠮ ᠤᠨ ᠭᠡᠰᠢᠭᠦᠨ ᠺᠠᠳ᠋ᠷᠴᠤᠳ ᠲᠤ ᠤᠯᠤᠰ ᠲᠥᠷᠥ ᠶᠢᠨ ᠲᠥᠷᠥᠭᠰᠡᠨ ᠡᠳᠦᠷ ᠤᠨ ᠪᠠᠶᠠᠷ ᠤᠨ ᠺᠠᠷᠲ ᠬᠦᠷᠭᠡᠵᠦ᠂ ᠪᠥᠬᠦ ᠨᠠᠮ ᠤᠨ ᠭᠡᠰᠢᠭᠦᠨ ᠺᠠᠳ᠋ᠷᠴᠤᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠤᠩᠰᠢᠪᠠ᠃        ᠨᠠᠮ ᠤᠨ ᠬᠢᠴᠢᠶᠡᠯ ᠵᠢᠭᠠᠬᠤ ᠭᠤᠭᠴᠤᠭ᠎ᠠ ᠳᠤ᠂ ᠸᠠᠩ ᠶᠢᠨ ᠪᠦᠦ ︽ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ ᠰᠢᠨ᠎ᠡ ᠲᠦᠷᠢ ᠲᠥᠷᠬᠦ ᠪᠠᠨ ᠢᠯᠡᠷᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︾ ᠭᠡᠬᠦ ᠰᠡᠳᠦᠪ ᠢᠶᠠᠷ ᠪᠦᠬᠦ ᠨᠠᠮ ᠤᠨ ᠭᠡᠰᠢᠭᠦᠨ ᠳᠤ ᠭᠤᠣᠯ ᠰᠡᠳᠦᠪ ᠢᠶᠠᠷ ᠢᠯᠡ ᠲᠣᠳᠣ᠂ ᠠᠯᠤᠰ ᠬᠡᠳᠦ ᠶᠢᠨ ᠤᠳᠬ᠎ᠠ ᠰᠠᠨᠠᠭ᠎ᠠ ᠲᠠᠢ᠂ ᠪᠠᠶᠠᠯᠢᠭ ᠠᠭᠤᠯᠭ᠎ᠠ ᠲᠠᠢ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠵᠤ ᠥᠭᠴᠡᠢ᠃ ᠸᠠᠩ ᠶᠢᠨ ᠪᠦᠦ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ᠂ ᠠᠵᠤ  ᠤᠶᠢᠯᠡᠳᠪᠤᠷᠢ᠂  ᠤᠶᠢᠯᠴᠢᠯᠡᠭᠡᠨ ᠤ ᠤᠶᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠦᠷᠭᠡᠨ ᠬᠥᠭᠵᠢᠬᠦ ᠶᠢ ᠳᠥᠯᠭᠢᠨ ᠠᠬᠢᠭᠤᠯᠬᠤ ᠬᠡᠷᠡᠭᠲᠡᠶ ᠭᠡᠵᠦ ᠵᠣᠷᠢᠭᠵᠢᠭᠤᠯᠪᠠ᠃ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠴᠢᠩᠭᠠᠳᠬᠠᠵᠤ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ  ᠱᠠᠯᠠᠪᠲᠠᠭᠤᠯᠤᠨ ᠪᠠᠶᠢᠴᠠᠭᠠᠯᠲᠠ ᠶᠢᠨ ᠲᠤᠰᠢᠶᠠᠨ  ᠰᠡᠢᠳᠪᠤᠷᠢᠯᠡᠬᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠷᠡᠰ ᠰᠢᠭᠤᠷᠬᠠᠢ ᠪᠠᠷ ᠠᠬᠢᠭᠤᠯᠵᠤ᠂ ᠤᠯᠠᠨ ᠠᠷᠭ᠎ᠠ ᠶᠢ ᠵᠡᠷᠭᠡᠪᠡᠷ ᠬᠡᠷᠡᠭᠯᠡᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠪᠠᠭᠠᠲᠤᠷᠴᠤᠳ ᠤᠨ ᠵᠠᠮ ᠢᠶᠠᠷ ᠲᠠᠬᠢᠨ ᠵᠠᠮᠨᠠᠬᠤ ᠠᠵᠢᠯᠯᠠᠭ᠎ᠠ ᠶᠢᠨ ᠳᠤᠮᠳᠠ᠂ ᠤᠳᠤᠷᠢᠳᠬᠤ ᠺᠠᠳ᠋ᠷ ᠴᠤᠬᠠᠦ᠋ᠠᠲᠤᠷ ᠪᠠᠯᠭᠠᠰᠤᠨ ᠤ  ᠤᠯᠠᠭᠠᠠᠤᠪᠤᠭ᠎ᠠ ᠭᠠᠴᠠᠭ᠎ᠠ ᠶᠢᠨ ᠶᠡᠷᠦᠩᠬᠡᠢ ᠵᠠᠮ ᠤᠨ ᠤᠷᠳᠤ 88 ᠺᠢᠯᠤᠮᠧᠲᠷ ᠤᠨ ︽ᠪᠠᠭᠠᠲᠤᠷᠴᠤᠳ ᠤᠨ ᠵᠠᠮ︾ ᠳᠤ ᠬᠦᠷᠴᠡᠢ᠃ ᠠᠭᠤᠯᠠᠨ ᠵᠠᠮ ᠡᠩᠬᠦᠯ ᠳᠤᠩᠬᠤᠯ ᠪᠠᠶᠢᠵᠤ᠂ ᠣᠯᠠᠨ ᠵᠠᠮ ᠤᠨ ᠨᠠᠯᠠᠤᠴᠠ ᠨᠢ 60 ᠭᠷᠠᠳᠦ᠋ᠰ ᠠᠴᠠ ᠳᠡᠭᠡᠭᠰᠢ ᠪᠠᠶᠢᠳᠠᠭ᠂ ᠠᠭᠤᠯᠠᠨ ᠵᠠᠮ ᠢ ᠵᠠᠰᠠᠵᠤ ᠨᠡᠪᠲᠡᠷᠡᠭᠦᠯᠬᠦ ᠠᠴᠠ ᠡᠮᠦᠨ᠎ᠡ᠂ ᠡᠨᠡ ᠵᠠᠮ ᠨᠢ 1 ᠮᠧᠲᠷ ᠬᠥᠷᠬᠦ ᠥᠬᠡᠶ ᠨᠠᠷᠢᠨ ᠵᠥᠷᠢᠭ ᠵᠠᠮ ᠪᠠᠶᠢᠵᠤ᠂ ᠡᠩᠬᠦᠯ ᠳᠤᠩᠬᠤᠯ᠂ ᠠᠭᠤᠯᠠ ᠴᠢᠯᠠᠭᠤ ᠭᠠᠵᠠᠷ ᠰᠠᠶ ᠥᠬᠡᠶ ᠪᠠᠶᠢᠳᠠᠭ᠂ ᠭᠡᠪᠡᠴᠦ ᠡᠶᠢᠮᠦᠷᠬᠦ ᠨᠠᠷᠢᠨ ᠵᠥᠷᠢᠭ ᠵᠠᠮ ᠨᠢ ᠴᠦ  ᠪᠤᠶᠠᠠᠲᠡᠯᠭᠡᠷ ᠤᠨ ᠠᠭᠤᠯᠠ ᠳᠠᠪᠠᠭ᠎ᠠ ᠶᠢ ᠳᠠᠪᠠᠵᠤ᠂ ᠬᠦᠢᠲᠡᠨ ᠬᠠᠯᠠᠭᠤᠨ ᠳᠤ ᠮᠠᠯᠵᠢᠬᠤ ᠣᠷᠣᠨ ᠤ ᠮᠠᠯᠴᠢᠳ ᠲᠤ  ᠤᠶᠢᠯᠡᠴᠢᠯᠡᠬᠦ ᠠᠯᠬᠤᠮ ᠢ ᠬᠤᠷᠢᠭᠯᠠᠵᠤ ᠳᠡᠶᠢᠯᠬᠦ ᠥᠬᠡᠶ ᠶᠤᠮ᠃ ᠵᠠᠮ ᠲᠤᠷᠰᠢ᠂ ᠤᠳᠤᠷᠢᠳᠬᠤ ᠺᠠᠳ᠋ᠷᠴᠤᠳ ᠲᠠᠶᠢᠯᠤᠮᠵᠢ ᠶᠢ ᠨᠠᠷᠢᠨ ᠬᠢᠨᠠᠮᠠᠭᠠᠶ ᠰᠣᠨᠣᠰᠴᠤ᠂  ᠪᠤᠶᠠᠠᠲᠡᠯᠭᠡᠷ ᠤᠨ ᠡᠳᠦᠷ ᠲᠤᠲᠤᠮ ᠤᠨ ᠠᠵᠢᠯ ᠠᠮᠢᠳᠤᠷᠠᠯ ᠢ ᠭᠦᠨᠵᠡᠭᠡᠶ  ᠣᠶᠢᠯᠠᠭᠠᠵᠤ᠂ ᠲᠤᠯᠭᠤᠷ ᠵᠣᠷᠢᠯᠲᠠ ᠪᠠᠨ ᠪᠠᠷᠢᠮᠲᠠᠯᠠᠨ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠳᠠᠬᠢᠨ  ᠰᠠᠶᠢᠨ ᠴᠢᠷᠮᠠᠶᠢᠨ᠎ᠠ ᠭᠡᠵᠡᠢ᠃                                      ᠰᠤᠷᠪᠤᠯᠵᠢᠯᠠᠭᠴᠢ᠄ ᠵᠠᠩ ᠶᠠ ᠨᠠᠨ  ᠠᠯᠲᠠᠠᠰᠤᠪᠤᠳ ᠭᠤᠤ ᠶᠠ ᠨᠠᠨ                                 ᠤᠶᠢᠯᠡᠲᠦᠭᠴᠢ᠄ ᠵᠤᠯᠨ                                ᠬᠢᠨᠠᠭᠴᠢ᠄ ᠪᠤᠤ ᠤᠯᠠᠭᠠᠨ 
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ