ᠯᠢᠨ ᠾᠧ ᠲᠣᠭᠤᠷᠢᠭ ᠤᠨ ᠬᠢᠨ 176.58 ᠲᠦᠮᠡᠨ ᠮᠦ ᠶᠢᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠲᠠᠷᠢᠮᠠᠯ ᠤᠨ ᠵᠦᠢᠯ ᠤᠨ ᠳᠠᠭᠠᠳᠬᠠᠯ ᠤᠨ ᠠᠵᠢᠯ ᠢ ᠪᠡᠶᠡᠯᠡᠭᠦᠯᠵᠡᠢ
  
2022/9/1
         ᠡᠨᠡ ᠵᠢᠯ ᠠᠴᠠ ᠨᠠᠰᠢ᠂ ᠯᠢᠨ ᠾᠧ ᠲᠣᠭᠤᠷᠢᠭ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠤᠳᠤᠷᠢᠳᠬᠤ ᠳᠤᠭᠤᠶᠢᠯᠠᠩ ᠣᠯᠠᠨ ᠲᠠᠯ᠎ᠠ ᠶᠢᠨ ᠠᠷᠭ᠎ᠠ ᠬᠡᠮᠵᠢᠶ᠎ᠡ ᠠᠪᠴᠤ᠂ 2022 ᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠲᠠᠷᠢᠮᠠᠯ ᠤᠨ ᠵᠦᠢᠯ ᠤᠨ ᠳᠠᠭᠠᠳᠬᠠᠯ ᠤᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠡᠢ᠃ ᠣᠶᠢᠯᠠᠭᠠᠭᠰᠠᠨ ᠢᠶᠠᠷ᠂ ᠡᠨᠡ ᠵᠢᠯ ᠯᠢᠨ ᠾᠧ ᠲᠣᠭᠤᠷᠢᠭ ᠤᠨ ᠪᠤᠭᠤᠳᠠᠢ ᠶᠢᠨ ᠳᠠᠭᠠᠳᠬᠠᠯ ᠤᠨ ᠲᠠᠯᠠᠪᠠᠶ 11.06 ᠲᠦᠮᠡᠨ ᠮᠦ ᠳᠤ ᠬᠦᠷᠴᠦ᠂ ᠡᠭᠦᠨ ᠳᠤ ᠡᠩ ᠤᠨ ᠳᠠᠭᠠᠳᠬᠠᠯ ᠤᠨ ᠠᠷᠭ᠎ᠠ ᠮᠠᠶ᠋ᠢᠭ ᠢᠶᠠᠷ 3 ᠲᠦᠮᠡᠨ ᠮᠦ ᠶᠢ ᠳᠠᠭᠠᠭᠠᠴᠢᠯᠠᠵᠤ᠂ ᠪᠦᠷᠢᠨ ᠥᠪᠡᠷ ᠤᠨ ᠥᠷᠲᠡᠭ ᠤᠨ ᠠᠷᠭ᠎ᠠ ᠮᠠᠶ᠋ᠢᠭ ᠢᠶᠠᠷ 8.06 ᠲᠦᠮᠡᠨ ᠮᠦ ᠶᠢ ᠳᠠᠭᠠᠭᠠᠨ᠎ᠠ᠃ ᠡᠷᠳᠡᠨᠢ ᠰᠢᠰᠢ ᠶᠢᠨ ᠳᠠᠭᠠᠳᠬᠠᠯ ᠤᠨ ᠲᠠᠯᠠᠪᠠᠶ 95.64 ᠲᠦᠮᠡᠨ ᠮᠦ ᠳᠤ ᠬᠦᠷᠴᠦ᠂ ᠡᠭᠦᠨ ᠳᠤ᠂ ᠡᠩ ᠤᠨ ᠳᠠᠭᠠᠳᠬᠠᠯ ᠤᠨ ᠠᠷᠭ᠎ᠠ ᠮᠠᠶ᠋ᠢᠭ ᠢᠶᠠᠷ 42.85 ᠲᠦᠮᠡᠨ ᠮᠦ ᠶᠢ ᠳᠠᠭᠠᠭᠠᠨ ᠠᠪᠴᠤ᠂ ᠪᠦᠷᠢᠨ ᠥᠪᠡᠷ ᠤᠨ ᠥᠷᠲᠡᠭ ᠤᠨ ᠠᠷᠭ᠎ᠠ ᠮᠠᠶ᠋ᠢᠭ ᠢᠶᠠᠷ 52.79 ᠲᠦᠮᠡᠨ ᠮᠦ ᠶᠢ ᠳᠠᠭᠠᠭᠠᠨ ᠠᠪᠤᠪᠠ᠃ ᠨᠡᠷᠡᠨ ᠬᠤᠸᠠᠷ ᠤᠨ ᠳᠠᠭᠠᠳᠬᠠᠯ ᠤᠨ ᠲᠠᠯᠠᠪᠠᠶ 68.29 ᠲᠦᠮᠡᠨ ᠮᠦ᠃ ᠣᠰᠣᠨ ᠲᠤᠲᠤᠷᠭ᠎ᠠ ᠶᠢᠨ ᠳᠠᠭᠠᠳᠬᠠᠯ ᠤᠨ ᠲᠠᠯᠠᠪᠠᠢ 0.63 ᠲᠦᠮᠡᠨ ᠮᠦ ᠳᠤ ᠬᠦ᠋ᠷᠦᠨ᠋᠎ᠡ᠃ ᠰᠢᠷ᠎ᠠ ᠪᠤᠷᠴᠠᠭ ᠤᠨ ᠳᠠᠭᠠᠳᠬᠠᠯ ᠤᠨ ᠲᠠᠯᠠᠪᠠᠶ 0.87 ᠲᠦᠮᠡᠨ ᠮᠦ ᠪᠣᠯᠣᠨ᠎ᠠ᠃ ᠰᠢᠬᠢᠷ ᠯᠤᠤᠪᠠᠩ ᠤᠨ ᠳᠠᠭᠠᠳᠬᠠᠯ ᠤᠨ ᠲᠠᠯᠠᠪᠠᠶ ᠶᠢ 0.08 ᠲᠦᠮᠡᠨ ᠮᠦ ᠳᠤ ᠬᠦᠷᠭᠡᠨ᠎ᠡ᠃ ᠲᠥᠮᠥᠰᠥᠨ ᠤ ᠳᠠᠭᠠᠳᠬᠠᠯ ᠤᠨ ᠲᠠᠯᠠᠪᠠᠶ ᠶᠢ 0.01 ᠲᠦᠮᠡᠨ ᠮᠦ ᠳᠤ ᠬᠦᠷᠭᠡᠨ᠎ᠡ᠃ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠄ ᠲᠠᠷᠢᠮᠠᠯ ᠤᠨ ᠦᠢᠯᠡᠰ (ᠡᠷᠳᠡᠨᠢ ᠰᠢᠰᠢ᠂ ᠪᠤᠭᠤᠳᠠᠢ᠂ ᠤᠰᠤᠨ ᠲᠤᠲᠤᠷᠭ᠎ᠠ᠂ ᠨᠡᠷᠡᠨ ᠬᠤᠸᠠᠷ᠂ ᠰᠢᠬᠢᠷ ᠯᠤᠤᠪᠠᠩ᠂ ᠲᠥᠮᠥᠰᠥ᠂ ᠰᠢᠷ᠎ᠠ ᠪᠤᠷᠴᠠᠭ ᠵᠡᠷᠭᠡ) ᠎ ᠤᠨ ᠡᠩ ᠤᠨ ᠳᠠᠭᠠᠳᠬᠠᠯ ᠪᠠ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠤᠨ ᠵᠠᠷᠤᠳᠠᠯ ᠳᠤ ᠲᠥᠪ ᠤᠨ ᠡᠳ᠋ ᠤᠨ ᠵᠠᠰᠠᠭ ᠠᠴᠠ 45%᠎ ᠶᠢᠨ ᠨᠥᠬᠦᠪᠦᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 30%᠎ ᠶᠢᠨ ᠨᠥᠬᠦᠪᠦᠷᠢ ᠥᠭᠴᠦ᠂ ᠠᠶᠢᠮᠠᠭ ᠬᠤᠲᠠ ᠶᠢᠨ ᠡᠳ᠋ ᠤᠨ ᠵᠠᠰᠠᠭ ᠠᠴᠠ 3%᠎ ᠶᠢᠨ ᠨᠥᠬᠦᠪᠦᠷᠢ ᠥᠭᠴᠦ᠂ ᠯᠢᠨ ᠾᠧ ᠲᠣᠭᠤᠷᠢᠭ ᠤᠨ ᠡᠳ᠋ ᠤᠨ ᠵᠠᠰᠠᠭ ᠠᠴᠠ 2%᠎ ᠤᠨ ᠨᠥᠬᠦᠪᠦᠷᠢ ᠥᠭᠭᠦᠨ᠎ᠡ᠃ ᠯᠢᠨ ᠾᠧ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠲᠥᠰᠥᠭᠡᠯᠡᠨ ᠪᠤᠳᠤᠭᠰᠠᠨ ᠢᠶᠠᠷ᠄ ᠤᠯᠠᠷᠢᠯ ᠤᠨ ᠴᠢᠨᠠᠷᠲᠠᠢ ᠲᠠᠷᠢᠮᠠᠯ ᠤᠨ ᠦᠢᠯᠡᠰ ᠤᠨ ᠳᠠᠭᠠᠳᠬᠠᠯ ᠳᠤ ᠵᠠᠰᠠᠭ ᠤᠨ ᠣᠷᠳᠣᠨ ᠤ ᠨᠥᠬᠦᠪᠦᠷᠢ 4609.95 ᠲᠦᠮᠡᠨ ᠲᠥᠭᠦᠷᠢᠭ ᠭᠥᠷᠳᠡᠨ᠎ᠡ᠂ ᠡᠭᠦᠨ ᠳᠤ᠂ ᠲᠥᠪ ᠤᠨ ᠨᠥᠬᠦᠪᠦᠷᠢ 2593.10 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠦᠷᠢ 1728.73 ᠲᠦᠮᠡᠨ ᠲᠥᠭᠦᠷᠢᠭ᠂ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠨᠥᠬᠦᠪᠦᠷᠢ 172.87 ᠲᠦᠮᠡᠨ ᠲᠥᠭᠦᠷᠢᠭ᠂ ᠲᠣᠭᠤᠷᠢᠭ ᠤᠨ ᠱᠠᠲᠤᠨ ᠤ ᠡᠳ᠋ ᠤᠨ ᠵᠠᠰᠠᠭ ᠤᠨ ᠨᠥᠬᠦᠪᠦᠷᠢ 115.25 ᠲᠦᠮᠡᠨ ᠲᠥᠭᠦᠷᠢᠭ ᠪᠣᠯᠣᠨ᠎ᠠ᠃ ᠡᠭᠦᠨ ᠳᠤ ᠪᠤᠭᠤᠳᠠᠢ ᠶᠢᠨ ᠨᠥᠬᠦᠪᠦᠷᠢ 452.69 ᠲᠦᠮᠡᠨ ᠲᠥᠭᠦᠷᠢᠭ᠂ ᠡᠷᠳᠡᠨᠢ ᠰᠢᠰᠢ ᠶᠢᠨ ᠨᠥᠬᠦᠪᠦᠷᠢ 3223.24 ᠲᠦᠮᠡᠨ ᠲᠥᠭᠦᠷᠢᠭ᠂ ᠨᠡᠷᠡᠨ ᠬᠤᠸᠠᠷ ᠤᠨ ᠳᠠᠭᠠᠳᠬᠠᠯ ᠤᠨ ᠨᠥᠬᠦᠪᠦᠷᠢ 901.45 ᠲᠦᠮᠡᠨ ᠲᠥᠭᠦᠷᠢᠭ᠂ ᠤᠰᠤᠨ ᠲᠤᠲᠤᠷᠭ᠎ᠠ ᠶᠢᠨ ᠨᠥᠬᠦᠪᠦᠷᠢ 20.32 ᠲᠦᠮᠡᠨ ᠲᠥᠭᠦᠷᠢᠭ᠂ ᠰᠢᠷ᠎ᠠ ᠪᠤᠷᠴᠠᠭ ᠤᠨ ᠨᠥᠬᠦᠪᠦᠷᠢ 10.45 ᠲᠦᠮᠡᠨ ᠲᠥᠭᠦᠷᠢᠭ᠂ ᠰᠢᠬᠢᠷ ᠯᠤᠤᠪᠠᠩ ᠤᠨ ᠨᠥᠬᠦᠪᠦᠷᠢ 1.66 ᠲᠦᠮᠡᠨ ᠲᠥᠭᠦᠷᠢᠭ᠂ ᠲᠥᠮᠥᠰᠥ ᠶᠢᠨ ᠨᠥᠬᠦᠪᠦᠷᠢ 0.14 ᠲᠦᠮᠡᠨ ᠲᠥᠭᠦᠷᠢᠭ ᠪᠠᠶᠢᠨ᠎ᠠ᠃      
            