ᠣᠷᠠᠳ ᠤᠨ ᠬᠤᠶᠢᠳᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠶ ᠰᠡᠳᠦᠪᠲᠦ  ᠮᠡᠳᠡᠯᠭᠡ ᠶᠢᠨ ᠤᠷᠤᠯᠳᠤᠭᠠᠨ ᠶᠠᠪᠤᠭᠲᠠᠭᠤᠯᠪᠡ
  
2022/9/1
          ᠤᠶᠢᠷ᠎ᠠ ᠶᠢᠨ ᠡᠳᠦᠷ᠂ ᠮᠠᠨ ᠤ ᠬᠤᠰᠢᠭᠤ 《ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ》 ᠭᠡᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠶ ᠰᠡᠳᠦᠪᠲᠦ ᠮᠡᠳᠡᠯᠭᠡ ᠶᠢᠨ ᠤᠷᠤᠯᠳᠤᠭᠠᠨ ᠶᠠᠪᠤᠭᠲᠠᠭᠤᠯᠪᠡ᠃ ᠬᠤᠰᠢᠭᠤᠨ ᠤ ᠤᠳᠤᠷᠢᠳᠤᠯᠭ᠎ᠠ ᠬᠤᠤ ᠶᠣᠣ ᠹᠧᠨ᠂ ᠲᠦᠮᠡᠡᠵᠢᠷᠭᠠᠯ᠂ ᠰᠡᠷᠬᠦᠯᠡᠩ ᠠᠵᠢᠯᠯᠠᠭ᠎ᠠ ᠳᠤ ᠣᠷᠣᠯᠴᠠᠵᠠᠶ᠃          ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠳᠤ ᠨᠡᠶᠢᠲᠡ 29 ᠲᠥᠯᠥᠭᠡᠯᠡᠭᠴᠢᠳ ᠤᠨ ᠠᠩᠭᠢ ᠪᠡᠯᠡᠳᠬᠡᠯ ᠤᠷᠤᠯᠳᠤᠭᠠᠨ ᠳᠤ ᠣᠷᠣᠯᠴᠠᠵᠤ᠂ ᠰᠢᠷᠦᠭᠦᠨ ᠥᠷᠢᠰᠥᠯᠳᠦᠭᠡᠨ ᠢᠶᠠᠷ ᠳᠡᠮᠵᠢᠨ ᠡᠴᠦᠰ ᠲᠡᠭᠡᠨ 9 ᠲᠥᠯᠥᠭᠡᠯᠡᠭᠴᠢᠳ ᠤᠨ ᠠᠩᠭᠢ ᠰᠡᠢᠳᠪᠤᠷᠢᠲᠤ ᠤᠷᠤᠯᠳᠤᠭᠠᠨ ᠳᠤ ᠣᠷᠣᠯᠴᠠᠵᠠᠶ᠃ ᠤᠷᠤᠯᠳᠤᠭᠠᠨ ᠳᠤ ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ᠂ ᠳᠤᠭᠤᠶᠢᠯᠠᠩ ᠤᠨ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠲᠦᠭᠰᠢᠭᠦᠷᠢ ᠶᠢᠨ ᠰᠡᠳᠦᠪ ᠵᠡᠷᠭᠡ ᠳᠥᠷᠪᠡᠨ ᠭᠤᠭᠴᠤᠭ᠎ᠠ ᠪᠠᠶᠢᠳᠠᠭ᠂ ᠮᠡᠳᠡᠯᠭᠡ ᠶᠢᠨ ᠤᠷᠤᠯᠳᠤᠭᠠᠨ ᠤ ᠠᠭᠤᠯᠭ᠎ᠠ ᠳᠤ ᠨᠠᠮ ᠤᠨ ᠲᠡᠤᠬᠡ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠵᠡᠷᠭᠡ ᠪᠠᠭᠲᠠᠨ᠎ᠠ᠃          ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠲᠤᠬᠠᠶ ᠶᠢᠨ ᠲᠠᠯᠠᠪᠤᠷ ᠲᠤ ᠱᠠᠩᠨᠠᠯ ᠲᠠᠢ ᠰᠡᠳᠦᠪ ᠬᠠᠷᠢᠭᠤᠯᠬᠤ ᠭᠤᠭᠴᠤᠭ᠎ᠠ ᠭᠠᠷᠭᠠᠵᠤ᠂ ᠲᠠᠶᠢᠰᠠᠨ ᠳᠡᠭᠡᠷ᠎ᠡ ᠲᠠᠶᠢᠰᠠᠨ ᠳᠣᠤᠷ᠎ᠠ ᠬᠠᠷᠢᠯᠴᠠᠨ ᠰᠣᠯᠢᠯᠴᠠᠵᠤ᠂ ᠠᠵᠢᠯᠯᠠᠭ᠎ᠠ ᠶᠢ ᠣᠷᠭᠢᠯ ᠳᠤᠨᠢ ᠬᠦᠷᠭᠡᠭᠰᠡᠨ ᠪᠠᠶᠢᠨ᠎ᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠬᠦᠭᠡᠨ᠋ᠦ᠋ᠠᠲᠤᠷ ᠪᠠᠯᠭᠠᠰᠤᠨ ᠤ ᠬᠡᠤᠬᠡᠳ ᠤᠨ ᠴᠡᠴᠡᠷᠯᠢᠭ ᠤᠨ ᠲᠥᠯᠥᠭᠡᠯᠡᠭᠴᠢᠳ ᠤᠨ ᠠᠩᠭᠢ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠬᠦᠭᠡᠨ᠋ᠦ᠋ᠠᠲᠤᠷ ᠪᠠᠯᠭᠠᠰᠤᠨ ᠤ ᠵᠠᠰᠠᠭ ᠤᠨ ᠣᠷᠳᠣᠨ᠂ ᠨᠢᠭᠡᠳᠦᠮᠡᠯ ᠹᠷᠣᠨᠲ ᠤᠨ ᠬᠡᠯᠲᠡᠰ ᠤᠨ ᠲᠥᠯᠥᠭᠡᠯᠡᠭᠴᠢᠳ ᠤᠨ ᠠᠩᠭᠢ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠪᠠᠶᠠᠠᠪᠤᠯᠠᠭ ᠪᠠᠯᠭᠠᠰᠤ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ᠂ ᠵᠣᠬᠢᠶᠠᠨ ᠪᠠᠶᠢᠭᠤᠯᠬᠤ ᠬᠡᠯᠲᠡᠰ ᠤᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃         ᠥᠷᠭᠡᠨ ᠤᠯᠠᠨ ᠤᠷᠤᠯᠳᠤᠭᠠᠨ ᠳᠤ ᠣᠷᠣᠯᠴᠠᠭᠰᠠᠳ᠂ ᠲᠤᠰ ᠤᠳᠠᠭ᠎ᠠ ᠶᠢᠨ ᠤᠷᠤᠯᠳᠤᠭᠠᠨ ᠢᠶᠠᠷ ᠳᠠᠮᠵᠢᠭᠠᠳ 《ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ》 ᠶᠢᠨ ᠴᠢᠬᠤᠯᠠ ᠶᠡᠭᠡ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ᠬᠤᠶᠢᠰᠢᠳᠠ ᠶᠢᠨ ᠠᠵᠢᠯ ᠰᠤᠷᠤᠯᠴᠠᠯᠭ᠎ᠠ ᠶᠢᠨ ᠳᠤᠮᠳᠠ ᠪᠠᠨ ᠰᠣᠷᠣᠭᠰᠠᠨ ᠮᠡᠳᠡᠯᠭᠡ ᠪᠠᠨ ᠪᠣᠳᠠᠲᠠᠢ ᠠᠵᠢᠯ ᠤᠨ ᠳᠤᠮᠳᠠ ᠪᠠᠨ ᠬᠡᠷᠡᠭᠯᠡᠵᠦ᠂ ᠡᠯ᠎ᠡ ᠵᠦᠢᠯ ᠤᠨ ᠠᠵᠢᠯ ᠢᠶᠠᠨ ᠦᠨᠡᠨ ᠰᠡᠳᠬᠢᠯ ᠠᠴᠠ ᠪᠠᠨ ᠴᠢᠷᠮᠠᠶᠢᠨ ᠰᠠᠶᠢᠲᠤᠷ ᠬᠢᠬᠦ ᠬᠡᠷᠡᠭᠲᠡᠢ ᠭᠡᠵᠦ ᠢᠯᠡᠳᠬᠡᠵᠡᠭᠡᠪᠡ᠃       
   