ᠨᠥᠭᠴᠢᠭᠰᠡᠨ ᠪᠠᠭᠠᠲᠤᠷᠴᠤᠳ ᠢ ᠰᠠᠶᠢᠰᠢᠶᠠᠨ ᠮᠠᠭᠲᠠᠬᠤ
  
2022/9/1
        ᠨᠥᠭᠴᠢᠭᠰᠡᠨ ᠪᠠᠭᠠᠲᠤᠷᠴᠤᠳ ᠢ ᠰᠠᠶᠢᠰᠢᠶᠠᠨ ᠮᠠᠭᠲᠠᠬᠤ ᠭᠡᠳᠡᠭ ᠨᠢ ᠨᠥᠭᠴᠢᠭᠰᠡᠨ ᠪᠠᠭᠠᠲᠤᠷᠴᠤᠳ ᠢ ᠳᠤᠷᠠᠰᠬᠠᠬᠤ ᠪᠠ ᠰᠠᠶᠢᠰᠢᠶᠠᠨ ᠮᠠᠭᠲᠠᠬᠤ ᠶᠢ ᠵᠢᠭᠠᠵᠤ ᠪᠤᠢ᠃ ᠲᠡᠭᠦᠨ ᠤ ᠭᠤᠣᠯ ᠠᠭᠤᠯᠭ᠎ᠠ ᠶᠢ ᠨᠥᠭᠴᠢᠭᠰᠡᠨ ᠪᠠᠭᠠᠲᠤᠷᠴᠤᠳ ᠢ ᠳᠤᠷᠠᠰᠬᠠᠬᠤ ᠪᠠᠷᠢᠯᠭ᠎ᠠ ᠶᠢᠨ ᠬᠠᠮᠢᠶᠠᠷᠤᠯᠲᠠ ᠪᠠ ᠨᠥᠭᠴᠢᠭᠰᠡᠨ ᠪᠠᠭᠠᠲᠤᠷᠴᠤᠳ ᠤᠨ ᠦᠢᠯᠡ ᠶᠠᠪᠤᠳᠠᠯ ᠢ ᠨᠠᠶᠢᠷᠠᠭᠤᠯᠤᠨ ᠪᠢᠴᠢᠬᠦ ᠭᠡᠵᠦ ᠬᠤᠶᠠᠷ ᠶᠡᠭᠡ ᠲᠠᠯ᠎ᠠ ᠬᠤᠪᠢᠶᠠᠨ᠎ᠠ᠃ ᠵᠠᠰᠠᠭ ᠤᠨ ᠣᠷᠳᠣᠨ ᠠᠴᠠ ᠠᠷᠠᠳ ᠤᠨ ᠶᠠᠪᠤᠳᠠᠯ ᠤᠨ ᠲᠢᠩᠬᠢᠮ ᠳᠤ ᠣᠯᠭᠤᠭᠰᠠᠨ ᠨᠢᠭᠡ ᠵᠦᠢᠯ ᠤᠨ ᠴᠢᠬᠤᠯᠠ ᠡᠭᠦᠷᠭᠡ ᠴᠢᠳᠠᠪᠤᠷᠢ ᠪᠣᠯᠣᠭᠰᠠᠨ ᠤ ᠬᠤᠪᠢ ᠳᠤ᠂ ᠨᠥᠭᠴᠢᠭᠰᠡᠨ ᠪᠠᠭᠠᠲᠤᠷᠴᠤᠳ ᠢ ᠰᠠᠶᠢᠰᠢᠶᠠᠨ ᠮᠠᠭᠲᠠᠬᠤ ᠨᠢ ᠬᠠᠷᠠᠭᠠᠯᠵᠠᠨ ᠪᠠᠲᠤᠯᠠᠬᠤ ᠶᠢᠨ ᠴᠢᠬᠤᠯᠠ ᠠᠭᠤᠯᠭ᠎ᠠ ᠪᠣᠯᠬᠤ ᠮᠦᠷᠲᠡᠭᠡᠨ ᠪᠠᠰᠠ ᠨᠡᠶᠢᠭᠡᠮ ᠵᠢᠷᠤᠮ ᠤᠨ ᠣᠶᠣᠨ ᠤ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃         
  ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ