| | — — ᠤᠷᠠᠳ ᠤᠨ ᠬᠤᠶᠢᠲᠤ ᠬᠤᠰᠢᠭᠤᠨ ᠤ ᠪᠠᠶᠠᠨᠴᠢᠨᠳᠠᠮᠤᠨᠢ ᠰᠤᠮᠤᠨ ᠤ ᠨᠠᠮ ᠤᠨ ᠬᠤᠷᠢᠶᠠᠨ ᠤ ᠱᠦᠵᠢ ᠪᠠᠭᠠᠨ᠎ᠠ ᠶᠢ ᠰᠤᠷᠪᠤᠯᠵᠢᠯᠠᠪᠠ | | | ᠰᠤᠷᠪᠤᠯᠵᠢᠯᠠᠬᠴᠢ ᠄ ᠪᠠᠭᠠᠨ᠎ᠠ ᠱᠦᠵᠢ ᠲᠠ ᠰᠠᠶᠢᠨ ᠪᠠᠶᠢᠨ᠎ᠠ ᠤᠤ ︕ ᠪᠠᠶᠠᠨᠴᠢᠨᠳᠠᠮᠤᠨᠢ ᠰᠤᠮᠤ ᠪᠤᠯ ᠪᠠᠶᠠᠨᠨᠠᠭᠤᠷ ᠬᠤᠳᠠ ᠶᠢᠨ ᠤᠷᠠᠳ ᠤᠨ | ᠬᠤᠶᠢᠲᠤ ᠬᠤᠰᠢᠭᠤᠨ ᠤ ᠵᠡᠭᠦᠨ ᠬᠤᠶᠢᠲᠤ ᠬᠡᠰᠡᠭ ᠲᠤ ᠪᠠᠶᠢᠷᠢᠯᠠᠵᠦ ᠪᠠᠶᠢᠭ᠎ᠠ ᠬᠢᠯᠢ ᠶᠢᠨ ᠰᠤᠮᠤ ᠪᠢᠯᠡ᠃ ᠲᠠ ᠰᠤᠮᠤᠨ ᠤ ᠪᠠᠨ ᠲᠦᠢᠮᠤ ᠪᠠᠶᠢᠳᠠᠯ ᠢ | ᠲᠠᠨᠢᠯᠴᠠᠭᠤᠯᠤᠨ᠎ᠠ ᠤᠤ ︖ | ᠪᠠᠭᠠᠨ᠎ᠠ ᠄ ᠰᠠᠶᠢᠨ ᠪᠠᠶᠢᠨ᠎ᠠ ᠤᠤ ︕ ᠪᠠᠶᠠᠨᠴᠢᠨᠳᠠᠮᠤᠨᠢ ᠰᠤᠮᠤ ᠨᠢ ᠤᠷᠠᠳ ᠤᠨ ᠬᠤᠶᠢᠲᠤ ᠬᠤᠰᠢᠭᠤᠨ ᠤ ᠲᠦᠪᠪᠠᠶᠠᠨᠪᠤᠯᠠᠭ ᠪᠠᠯᠭᠠᠰᠤ ᠠᠴᠠ ᠵᠡᠭᠦᠨ | ᠬᠤᠶᠢᠰᠢ 110 ᠺᠢᠯᠣᠮᠧᠲᠷ ᠤᠨ ᠵᠠᠶᠢᠳᠠᠢ ᠪᠠᠶᠢᠷᠢᠯᠠᠵᠤ ᠂ ᠶᠡᠷᠦᠩᠬᠡᠢ ᠲᠠᠯᠠᠪᠠᠢ ᠨᠢ 6174 ᠲᠡᠭᠰᠢ ᠲᠦᠷᠪᠡᠯᠵᠢᠨ ᠺᠢᠯᠤᠮᠧᠲᠷ ᠂ ᠬᠢᠯᠢ ᠶᠢᠨ ᠱᠤᠭᠤᠮ ᠤᠨ ᠣᠷᠳᠣ ᠨᠢ | 87.54 ᠺᠢᠯᠣᠮᠧᠲᠷ ᠪᠤᠢ ᠃ 9 ᠭᠠᠴᠠᠭ᠎ᠠ ᠂ 1ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠂ 2 ᠬᠢᠯᠢ ᠶᠢᠨ ᠲᠣᠮᠢᠯᠠᠭᠰᠠᠨ ᠰᠠᠯᠪᠤᠷᠢ ᠂ 2 ᠡᠷᠡᠭᠦᠯ | ᠬᠠᠮᠠᠭᠠᠯᠠᠯ ᠤᠨ ᠬᠤᠷᠢᠶ᠎ᠠ ᠲᠠᠢ ᠃ ᠪᠦᠬᠦ ᠰᠤᠮᠤᠨ ᠳᠤ ᠤᠳᠤ 925 ᠡᠷᠦᠬᠡ 2820 ᠬᠥᠮᠦᠨ ᠠᠮᠠ ᠲᠠᠢ ᠂ ᠡᠭᠦᠨ ᠳᠤ 393 ᠡᠷᠦᠬᠡ1009 ᠬᠥᠮᠦᠨ ᠨᠢ | ᠪᠠᠶᠢᠩᠭᠤ ᠰᠠᠭᠤᠭ᠎ᠠ ᠬᠥᠮᠦᠨ ᠠᠮᠠ ᠪᠤᠯᠤᠨ᠎ᠠ ᠃ ᠨᠡᠶᠢᠲᠡ 268 ᠨᠠᠮ ᠤᠨ ᠭᠡᠰᠢᠭᠦᠨ ᠲᠠᠢ ᠂ ᠡᠭᠦᠨ ᠳ᠋ᠤ᠋ᠮᠠᠯᠴᠢᠨ ᠨᠠᠮ ᠤᠨ ᠭᠡᠰᠢᠭᠦᠨ 219 ᠬᠥᠮᠦᠨ ᠪᠤᠢ ᠃ ᠮᠠᠨ ᠤ | ᠰᠤᠮᠤᠨ ᠤ ᠡᠪᠡᠰᠦ ᠪᠡᠯᠴᠢᠭᠡᠷ ᠤᠨ ᠲᠠᠯᠠᠪᠠᠶ 905 ᠲᠦᠮᠡᠨ ᠮᠦ᠂ ᠡᠭᠦᠨ ᠳᠤ ᠤᠯᠤᠰ ᠤᠨ ᠲᠠᠰ ᠤᠨ ᠨᠡᠶᠢᠲᠡ ᠶᠢᠨ ᠣᠶ ᠶᠢᠨ ᠲᠠᠯᠠᠪᠠᠶ 133 ᠲᠦᠮᠡᠨ ᠮᠦ ᠂ | ᠣᠷᠣᠨ ᠨᠤᠲᠤᠭ ᠤᠨᠨᠡᠶᠢᠲᠡ ᠶᠢᠨ ᠣᠶ ᠶᠢᠨ ᠲᠠᠯᠠᠪᠠᠶ 83 ᠲᠦᠮᠡᠨ ᠮᠦ ᠪᠤᠶ ᠃ ᠤᠳᠤ ᠪᠦᠬᠦ ᠰᠤᠮᠤᠨ ᠤ ᠮᠠᠯ ᠤᠨ ᠶᠡᠷᠦᠩᠬᠡᠶ ᠲᠤᠭ᠎ᠠ 106029ᠪᠠᠶᠢᠵᠤ ᠂ | ᠡᠭᠦᠨ ᠳᠤ ᠦᠬᠡᠷ 6216 ᠂ ᠠᠳᠤᠭᠤ 3000 ᠂ ᠬᠤᠨᠢ 80813 ᠂ ᠲᠡᠮᠡᠭᠡ 16000 ᠪᠠᠶᠢᠵᠤ ᠂ᠪᠦᠬᠦ ᠵᠢᠯ ᠤᠨ ᠮᠠᠯ ᠤᠨ ᠭᠠᠷᠭᠠᠯᠲᠠ ᠶᠢᠨ ᠬᠡᠮᠵᠢᠶ᠎ᠡ | 20000 ᠣᠷᠴᠢᠮ ᠪᠤᠢ ᠃ ᠤᠨᠴᠠᠭᠠᠢ ᠳᠤᠷᠠᠳᠤᠭᠤᠰᠢᠲᠠᠢ ᠨᠢ ᠂ᠲᠡᠮᠡᠭᠡᠨ ᠤ ᠲᠤᠭ᠎ᠠ 2003 ᠣᠨ ᠳᠤ 1500 ᠪᠠᠶᠢᠭᠰᠠᠨ ᠠᠴᠠ ᠪᠠᠨ ᠣᠲᠣ 16000 | ᠪᠣᠯᠤᠨ ᠨᠡᠮᠡᠭᠳᠡᠵᠦ ᠂ ᠤᠯᠠᠭᠠᠨᠲ᠋ᠡᠮᠡᠭᠡᠨ ᠤ ᠠᠵᠤ ᠦᠢᠯᠡᠰ ᠢᠶᠠᠷ ᠭᠤᠤᠯ ᠪᠣᠯᠭᠠᠭᠰᠠᠨ ᠂ ᠦᠬᠡᠷ ᠂ ᠠᠳᠤᠭᠤ ᠂ ᠬᠤᠨᠢ ᠂ ᠡᠯᠵᠢᠭᠡ ᠶᠢᠨ ᠠᠵᠤ ᠦᠢᠯᠡᠰ ᠢ | ᠬᠠᠮᠵᠢᠯᠴᠠᠨ ᠬᠥᠭᠵᠢᠭᠦᠯᠦᠭᠰᠡᠨ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠪᠣᠶ ᠪᠣᠯᠭᠠᠵᠠᠶ ᠃ ᠮᠠᠨ ᠤᠰᠤᠮᠤᠨ ᠳᠤ ᠪᠠᠰᠠ ᠮᠢᠩ ᠱᠧᠩ | ᠠᠭᠤᠷᠬᠠᠶ ᠶᠢᠨ ᠦᠢᠯᠡᠰ ᠵᠡᠷᠭᠡ 3 ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠪᠣᠶ ᠃ | ᠰᠤᠷᠪᠤᠯᠵᠢᠯᠠᠬᠴᠢ ᠄ ᠪᠠᠶᠠᠨᠴᠢᠨᠳᠠᠮᠤᠨᠢ ᠰᠤᠮᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠦᠷ᠎ᠡᠪᠦ᠋ᠲᠦᠭᠡᠯ ᠢ ᠪᠠᠬᠢᠵᠢᠭᠦᠯᠦᠨ | ᠦᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢᠵᠣᠯᠭᠠᠭᠤᠯᠬᠤ ᠲᠠᠯ᠎ᠠ ᠪᠠᠷ ᠶᠠᠮᠠᠷ ᠶᠠᠮᠠᠷ ᠪᠤᠲᠠᠲᠠᠢ ᠠᠷᠭ᠎ᠠ | ᠬᠡᠮᠵᠢᠶ᠎ᠠ ᠠᠪᠴᠤ ᠪᠠᠶᠢᠭ᠎ᠠ ᠪᠤᠢ ︖ | ᠪᠠᠭᠠᠨ᠎ᠠ ᠄ 2021 ᠣᠨ ᠠᠴᠠ ᠨᠠᠭᠠᠰᠢ ᠂ ᠪᠠᠶᠠᠨᠴᠢᠨᠳᠠᠮᠣᠨᠢ ᠰᠤᠮᠤ ᠶᠢᠨ ᠨᠠᠮ ᠤᠨ ᠬᠤᠷᠢᠶ᠎ᠠ ᠂ ᠵᠠᠰᠠᠭ ᠤᠨᠣᠷᠳᠣᠨ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠂ ᠬᠤᠰᠢᠭᠤᠨ ᠤ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡᠲ᠋ᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠲᠤᠬᠠᠢ | ᠠᠵᠢᠯ ᠤᠨ ᠲᠥᠰᠦᠯ ︾ ᠤᠨᠱᠠᠭᠠᠷᠳᠠᠯᠭ᠎ᠠ ᠶᠣᠰᠣᠭᠠᠷ ᠪᠠᠬᠢᠵᠢᠭᠦᠯᠬᠦ ᠂ ᠵᠣᠯᠭᠠᠭᠤᠯᠬᠤ ᠂ ᠬᠥᠭᠵᠢᠭᠦᠯᠦᠨ ᠮᠠᠨᠳᠤᠭᠤᠯᠬᠤ ᠭᠤᠷᠪᠠᠨ | ᠵᠠᠩᠭᠢᠯᠠᠭ᠎ᠠ ᠵᠢᠨᠭᠤᠭᠴᠤᠭᠠ ᠶᠢ ᠨᠢᠭᠡᠳᠦᠯᠲᠡᠶ ᠲᠥᠯᠥᠪᠵᠢᠭᠦᠯᠵᠦ ᠂ ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠶᠠᠬᠢᠭᠤᠯᠵᠤ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠵᠶ᠋ᠠᠷᠠᠬᠢᠭᠤᠯᠤᠬᠰᠠᠨ ᠶᠤᠮ ᠃ ᠪᠤᠲᠠᠲᠠᠢ ᠠᠷᠭ᠎ᠠ ᠬᠡᠮᠵᠢᠶ᠎ᠠ | ᠭᠡᠪᠡᠯ ᠄ | ᠨᠢᠭᠡ ᠳᠤ ᠂ ᠮᠠᠯ ᠠᠵᠤ ᠠᠬᠤᠢ ᠶᠢᠨ ᠬᠥᠭᠵᠢᠯᠲᠡ ᠳᠤ ᠬᠦᠴᠦ ᠪᠠᠨ ᠲᠥᠪᠯᠡᠷᠡᠭᠦᠯᠵᠠᠢ ᠃ 2021 ᠤᠨ ᠡᠴᠠᠨᠠᠭᠠᠰᠢ ᠲᠥᠷᠥᠯ ᠵᠦᠢᠯ ᠤᠨ ᠪᠠᠯᠠ | ᠮᠥᠩᠭᠦ ᠶᠢ 1398 ᠲᠦᠮᠡᠨ ᠲᠥᠭᠦᠷᠢᠭ ᠤᠯᠵᠦ ᠠᠪᠴᠢᠷᠠᠨ ᠂ 9 ᠭᠠᠴᠠᠭ᠎ᠠ ᠢᠩᠭᠡᠨᠰᠦ᠋ ᠺᠤᠮᠫᠠᠨᠢ ᠪᠠ ᠠᠯᠲᠠᠨ ᠲᠠᠯ᠎ᠠ ᠨᠤᠲᠤᠭ ᠪᠦᠯᠦᠭᠯᠡᠯ ᠲᠠᠢ ᠠᠰᠢᠭ | ᠲᠤᠰᠠ ᠶᠢᠨ ᠬᠤᠯᠪᠣᠭ᠎ᠠ ᠪᠠᠶᠢᠭᠤᠯᠪᠠ ᠂ ᠡᠭᠦᠨ ᠳ᠋ᠤ᠋ᠪᠠᠶᠠᠨᠬᠤᠰᠢᠭᠤ ᠭᠠᠴᠠᠭ᠎ᠠ ᠂ ᠥᠯᠵᠡᠶᠢᠲᠦ ᠭᠠᠴᠠᠭ᠎ᠠ ᠨᠢ ᠠᠯᠲᠠᠨ ᠲᠠᠯ᠎ᠠ ᠨᠤᠲᠤᠭ ᠪᠦᠯᠦᠭᠯᠡᠯ ᠲᠠᠢ ᠲᠣᠰ | ᠪᠦᠷᠢ 33 ᠲᠦᠮᠡᠨᠲ᠋ᠥ᠋ᠭᠦᠷᠢᠭ ᠪᠠ 30 ᠲᠦᠮᠡᠨ ᠲᠥᠭᠦᠷᠢᠭ ᠤᠨ ᠪᠠᠯᠠ ᠣᠷᠣᠭᠤᠯᠤᠨ ᠬᠠᠮᠲᠤᠷᠠᠯᠴᠠᠵᠦ ᠂ ᠲᠣᠰ ᠵᠢᠯ ᠤᠨ ᠠᠰᠢᠭ ᠣᠷᠣᠯᠭ᠎ᠠ ᠨᠢ 2.64 | ᠲᠦᠮᠡᠨ ᠲᠥᠭᠦᠷᠢᠭ ᠪᠠ 2.4 ᠲᠦᠮᠡᠨ ᠲᠥᠭᠦᠷᠢᠭ ᠲᠤ ᠬᠦᠷᠴᠡᠶ ︔ ᠬᠠᠷᠠᠭᠠᠲᠤ ᠭᠠᠴᠠᠭ᠎ᠠ ᠪᠠ ᠪᠠᠶᠠᠨᠮᠠᠨᠳᠤᠬᠤᠭᠠᠴᠠᠭᠠ ᠲᠤᠰ ᠪᠦᠷᠢ 40 ᠲᠦᠮᠡᠨ | ᠲᠥᠭᠦᠷᠢᠭ ᠪᠠ 58 ᠲᠦᠮᠡᠨ ᠲᠥᠭᠦᠷᠢᠭ ᠤᠨ ᠪᠡᠯᠡ ᠣᠷᠣᠭᠤᠯᠵᠤ ᠂ ᠬᠤᠶᠠᠷ ᠲᠡᠵᠢᠭᠡᠨᠦᠷᠡᠵᠢᠭᠦᠯᠬᠦ ᠲᠠᠯᠠᠪᠠᠢ ᠶᠢ ᠰᠢᠨ᠎ᠡ ᠪᠠᠷ ᠪᠠᠶᠢᠭᠤᠯᠵᠤ ᠂ ᠲᠡᠵᠢᠭᠡᠨ | ᠦᠷᠡᠵᠢᠭᠦᠯᠬᠦ ᠦᠢᠯᠡᠰ ᠢ ᠶᠡᠭᠡ ᠪᠠᠷ ᠬᠥᠭᠵᠢᠭᠦᠯᠵᠠᠢ ︔ᠠᠪᠤᠷᠠᠯᠲᠤ ᠭᠠᠴᠠᠭ᠎ᠠ 770 ᠲᠦᠮᠡᠨ ᠲᠥᠭᠦᠷᠢᠭ ᠤᠨ ᠪᠠᠯᠠ ᠣᠷᠣᠭᠤᠯᠵᠤ ᠂ ᠤᠯᠠᠭᠠᠨ ᠲᠡᠮᠡᠭᠡ | ᠲᠡᠵᠢᠭᠡᠨ ᠦᠷᠡᠵᠢᠭᠦᠯᠬᠦᠲ᠋ᠠᠯᠠᠪᠠᠶ ᠶᠢ ᠪᠠᠶᠢᠭᠤᠯᠤᠭᠠᠳ ᠠᠰᠢᠭᠯᠠᠯᠲᠠ ᠳᠤ ᠣᠷᠣᠭᠤᠯᠵᠦ ᠂ ᠮᠠᠯᠵᠢᠬᠤ ᠭᠠᠴᠠᠭᠠᠨ ᠤ ᠬᠠᠮᠲᠤ ᠶᠢᠨ ᠠᠵᠤ | ᠠᠬᠤᠶ ᠵᠢᠨᠬᠥ᠋ᠭᠵᠢᠯᠲᠡ ᠶᠢᠨ ᠬᠡᠪ ᠳᠠᠭᠤᠷᠢᠶᠠᠯ ᠪᠤᠯᠤᠬᠰᠠᠨ ᠶᠤᠮ ︔ ᠣᠳᠣ ᠦᠶ᠎ᠡ ᠶᠢᠨ ᠪᠣᠬᠢᠷᠲᠤᠯ ᠦᠭᠡᠢ ᠲᠠᠷᠢᠮᠠᠯ ᠤᠨ ᠦᠢᠯᠡᠰ ᠢᠬᠥ᠋ᠭᠵᠢᠭᠦᠯᠵᠦ ᠂ | ᠪᠠᠶᠠᠨᠬᠤᠰᠢᠭᠤ ᠭᠠᠴᠠᠭᠠᠨ ᠤ 1200 ᠮᠤ᠋ ᠥᠨᠳᠥᠷ ᠪᠠᠷᠢᠮᠵᠢᠶᠠᠲᠤ ᠴᠠᠭᠠᠨ ᠭᠤᠶᠣᠣ ᠲᠠᠷᠢᠬᠤ ᠰᠠᠭᠤᠷᠢᠨᠭᠠᠵᠠᠷ ᠢᠶᠠᠷ ᠵᠢᠱᠢᠶ᠎ᠡ ᠪᠣᠯᠭᠠᠵᠤ ᠂ ᠪᠠᠶᠠᠨᠴᠠᠭᠠᠨ | ᠭᠠᠴᠠᠭᠠᠨ ᠤ 13000 ᠮᠤ᠋ ᠴᠠᠭᠠᠨ ᠭᠤᠶᠣᠣ ᠲᠠᠷᠢᠬᠤ ᠰᠠᠭᠤᠷᠢᠨ ᠭᠠᠵᠠᠷ ᠤᠨᠪᠦ᠋ᠲᠦᠭᠡᠨ ᠪᠠᠶᠢᠭᠤᠯᠤᠯᠲᠠ ᠂ ᠪᠠᠶᠠᠨᠬᠥ᠋ᠷᠢᠶᠡ ᠭᠠᠴᠠᠭᠠᠨ ᠤ 4500 ᠮᠦ ᠴᠠᠭᠠᠨ | ᠭᠤᠶᠣᠣ ᠲᠠᠷᠢᠬᠤ ᠰᠠᠭᠤᠷᠢᠨ ᠭᠠᠵᠠᠷ ᠤᠨᠪᠦ᠋ᠲᠦᠭᠡᠨ ᠪᠠᠶᠢᠭᠤᠯᠤᠯᠲᠠ ᠶᠢ ᠠᠬᠢᠭᠤᠯᠵᠦ ᠂ ᠡᠷᠭᠢᠨ ᠲᠤᠭᠤᠷᠢᠨ ᠤ ᠨᠥᠬᠦᠴᠡᠯ ᠲᠠᠢ ᠭᠠᠴᠠᠭ᠎ᠠ ᠪᠣᠯᠤᠨ ᠠᠶᠢᠯ | ᠡᠷᠦᠬᠡ ᠵᠢᠨᠥ᠋ᠯᠥᠭᠡᠯᠡᠨ ᠳᠠᠶᠢᠴᠢᠯᠠᠬᠤ ᠶᠢ ᠰᠦᠪᠡᠭᠴᠢᠯᠡᠵᠠᠢ ᠃ ᠣᠳᠣ 9 ᠭᠠᠴᠠᠭᠠᠨ ᠤ ᠵᠢᠯ ᠤᠨ ᠬᠠᠮᠲᠤ ᠶᠢᠨ ᠠᠵᠤ ᠠᠬᠤᠶ ᠵᠢᠨᠡᠵᠡᠩᠨᠡᠯᠲᠡ ᠶᠢᠨ ᠴᠢᠨᠠᠷᠲᠠᠶ | ᠣᠷᠣᠯᠭ᠎ᠠ ᠨᠢ ᠪᠦᠬᠦᠨ ᠢᠶᠠᠷ ᠢᠶᠠᠨ 15 ᠲᠦᠮᠡᠨ ᠲᠥᠭᠦᠷᠢᠭ ᠢ ᠳᠠᠪᠠᠵᠠᠢ ᠃ ᠡᠭᠦᠨ ᠠᠴᠠ ᠭᠠᠳᠠᠨᠠᠪᠠᠰᠠ ᠭᠤᠪᠢ ᠶᠢᠨ ᠤᠯᠠᠭᠠᠨ ᠲᠡᠮᠡᠭᠡᠨ ᠤ ᠤᠳᠤᠮ ᠡᠭᠦᠯᠳᠡᠷ ᠢ | ᠭᠡᠷᠡᠴᠢᠯᠡᠬᠦ ᠂ ᠭᠧᠨ ᠢ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠵᠠᠢ ᠃ | ᠬᠤᠶᠠᠷ ᠲᠤ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠵᠠᠢ ᠃2021 ᠤᠨ ᠠᠴᠠ ᠨᠠᠭᠠᠰᠢ ᠂ | ᠲᠥᠷᠥᠯ ᠵᠦᠢᠯ ᠤᠨ ᠪᠠᠯᠠ ᠮᠥᠩᠭᠦ ᠶᠢ 249.5 ᠲᠦᠮᠡᠨ ᠲᠥᠭᠦᠷᠢᠭ ᠣᠯᠵᠤ ᠂ᠮᠠᠯᠴᠢᠳ ᠲᠤ 10 ᠬᠤᠳᠳᠤᠭ ᠮᠠᠯᠲᠠᠵᠠᠢ ︔ ᠰᠤᠪᠤᠷᠭ᠎ᠠ ᠭᠠᠴᠠᠭᠠᠨ ᠤ | ᠰᠣᠶᠣᠯ ᠤᠨ ᠠᠵᠢᠯᠯᠠᠭᠠᠨ ᠤ ᠲᠠᠰᠤᠭ ᠢ ᠪᠠᠶᠢᠭᠤᠯᠬᠤ ᠂ᠭᠤᠤᠯ ᠤᠨ ᠬᠤᠩᠭᠢᠯ ᠢ ᠵᠠᠰᠠᠬᠤ ᠂ ᠤᠰᠤᠨ ᠴᠥᠭᠦᠷᠥᠮ ᠢ ᠰᠡᠯᠪᠢᠨ ᠵᠠᠰᠠᠬᠤ ᠂ ᠵᠠᠮ ᠤᠨ ᠳ᠋ᠧᠩ | ᠤᠭᠰᠠᠷᠠᠬᠤ ᠂ ᠠᠮᠢᠳᠤ ᠮᠠᠯ ᠤᠨ ᠰᠣᠯᠢᠯᠴᠠᠭᠠᠨ ᠤ ᠭᠠᠵᠠᠷ ᠤᠨ ᠪᠠᠶᠢᠭᠤᠯᠤᠯᠲᠠ ᠵᠡᠷᠭᠡ ᠠᠵᠢᠯ ᠢ ᠪᠡᠶᠡᠯᠡᠭᠦᠯᠪᠡ ︔ 20 ᠺᠢᠯᠣᠮᠧᠲᠷ ᠤᠨ ᠵᠠᠰᠠᠮᠠᠯ | ᠵᠠᠮ ᠢᠰᠢᠨᠡᠳᠬᠡᠨ ᠵᠠᠰᠠᠵᠦ ᠂ 78.8 ᠺᠢᠯᠣᠮᠧᠲᠷ ᠤᠨ ᠵᠠᠰᠠᠮᠠᠯ ᠵᠠᠮ ᠵᠠᠰᠠᠬᠤ ᠪᠡᠯᠡᠳᠬᠡᠯ ᠠᠵᠢᠯ ᠢ ᠪᠡᠶᠡᠯᠡᠭᠦᠯᠵᠠᠢ ᠃ | ᠭᠤᠷᠪᠠ ᠳᠤ ᠂ ᠠᠷᠠᠳ ᠤᠨ ᠠᠮᠢᠳᠤᠷᠠᠯ ᠢ ᠪᠠᠲᠤᠯᠠᠬᠤ ᠳᠤ ᠬᠦᠴᠦ ᠪᠠᠨ ᠲᠥᠪᠯᠡᠷᠡᠭᠦᠯᠵᠠᠢ ᠃ ᠬᠠᠪᠰᠤᠷᠤᠨ ᠲᠡᠳᠬᠦᠬᠦᠠᠵᠢᠯ ᠢ ᠥᠨᠳᠥᠷ ᠪᠦᠲᠦᠮᠵᠢᠲᠡᠢ | ᠨᠠᠷᠢᠯᠢᠭ ᠣᠨᠣᠪᠴᠢᠲᠠᠢ ᠬᠢᠵᠦ ᠂ 2021 ᠤᠨ ᠠᠴᠠ ᠨᠠᠭᠠᠰᠢ 30.8 ᠲᠦᠮᠡᠨᠲ᠋ᠥ᠋ᠭᠦᠷᠢᠭ ᠤᠨ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ | ᠲᠠᠷᠬᠠᠭᠠᠵᠤ ᠂ 251 ᠮᠠᠯᠴᠢᠨ ᠡᠷᠦᠬᠡ ᠶᠢ ᠲᠤᠰᠠᠯᠠᠪᠠ︔ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢ ᠬᠢᠨᠠᠨ ᠵᠥᠪᠰᠢᠶᠡᠷᠡᠬᠦ ᠪᠠ ᠨᠥᠬᠦᠪᠥᠷᠢ ᠶᠢ | ᠲᠠᠷᠬᠠᠭᠠᠬᠤ ᠠᠵᠢᠯ ᠢ ᠲᠡᠭᠦᠰᠠᠮᠵᠢᠯᠲᠠ ᠲᠠᠢ ᠪᠡᠶᠡᠯᠡᠭᠦᠯᠵᠦ ᠂ ᠨᠡᠶᠢᠲᠡ 8.23 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠶᠢ ᠲᠠᠷᠬᠠᠭᠠᠪᠠ ᠃ᠣᠳᠣ | ᠮᠠᠨ ᠤ ᠰᠤᠮᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠷᠦᠬᠡ ᠨᠡᠶᠢᠲᠡ 45 ᠡᠷᠦᠬᠡ70 ᠬᠥᠮᠦᠨ ᠪᠠᠶᠢᠵᠤ ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ 34.8ᠲᠦᠮᠡᠨ ᠲᠥᠭᠦᠷᠢᠭ ᠲᠤᠰᠢᠶᠠᠵᠤ ᠂ ᠳᠠᠭᠠᠳᠬᠠᠯ ᠳᠤ ᠣᠷᠣᠯᠴᠠᠭᠰᠠᠨ | ᠨᠣᠷᠮ᠎ᠠ 99.1% ᠳᠤ ᠬᠦᠷᠴᠡᠢ ᠃ ᠡᠭᠦᠨ ᠡᠴᠠᠭᠠᠳᠠᠨ᠎ᠠ ᠣᠪᠣᠭᠠᠨ ᠲᠠᠬᠢᠯᠭ᠎ᠠ ᠂ ᠲᠡᠮᠡᠭᠡᠨ ᠤᠷᠤᠯᠳᠤᠭᠠᠨ ᠂ ᠮᠠᠯᠴᠢᠳ ᠤᠨ ᠳᠠᠭᠤᠤ ᠶᠢᠨ ᠤᠷᠤᠯᠳᠤᠭᠠᠨ | ᠵᠡᠷᠭᠡ ᠠᠵᠢᠯᠯᠠᠭ᠎ᠠ ᠶᠢ 19 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ ᠂ ᠮᠠᠯᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ ᠂ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠲᠠᠰᠤᠷᠠᠯᠲᠠ ᠥᠬᠡᠶ ᠪᠠᠲᠤ ᠴᠤᠭᠴᠠᠯᠠᠪᠠ᠃ | ᠰᠤᠷᠪᠤᠯᠵᠢᠯᠠᠬᠴᠢ ᠄ ᠰᠤᠮᠤ ᠶᠢᠨ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠯᠡᠭᠡ ᠶᠢ ᠳᠦᠭᠦᠮ ᠲᠠᠨᠢᠯᠴᠠᠭᠤᠯᠤᠭᠠᠳ ᠦᠭᠬᠦ ᠤᠤ ︖ | | ᠪᠠᠭᠠᠨ᠎ᠠ ᠄ ᠪᠢᠳᠠ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤᠬᠠᠯᠬᠠᠪᠴᠢ ᠶᠢ ᠪᠠᠶᠢᠭᠤᠯᠬᠤ ᠪᠠᠷ | ᠭᠠᠷᠳᠠᠴᠠ ᠪᠣᠯᠭᠠᠨ ᠂ ᠠᠮᠢ ᠠᠬᠤᠶ ᠶᠢ ᠰᠡᠷᠭᠦᠭᠡᠬᠦ ᠪᠠᠨ ᠴᠢᠩᠭᠠᠳᠬᠠᠵᠤ ᠂ ︽ ᠪᠥᠬᠦᠬᠤᠰᠢᠭᠤᠨ ᠤ ᠲᠠᠯ᠎ᠠ ᠨᠤᠲᠤᠭ ᠤᠨ ᠠᠮᠢ ᠠᠬᠤᠶ ᠶᠢ ᠰᠡᠷᠭᠦᠭᠡᠨ | ᠪᠥᠲᠥᠭᠡᠨ ᠪᠠᠶᠢᠭᠤᠯᠬᠤ ᠵᠢᠱᠢᠶ᠎ᠡ ᠦᠵᠡᠭᠦᠯᠬᠦ ᠴᠡᠭ ︾ ᠢᠴᠤᠬᠴᠠᠯᠠᠨᠠ ︔ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠦᠢᠯᠡᠴᠢᠯᠡᠭᠡᠨ ᠤ | ᠪᠠᠲᠤᠯᠠᠭ᠎ᠠ ᠶᠢᠨ ᠡᠷᠴᠢᠮ ᠢᠨᠡᠮᠡᠭᠳᠡᠭᠦᠯᠵᠦ ᠂ ᠪᠦᠬᠦ ᠬᠤᠰᠢᠭᠤᠨ ᠤ ᠠᠮᠢᠳᠤ ᠮᠠᠯ ᠤᠨ ᠰᠣᠯᠢᠯᠴᠠᠭᠠᠨ ᠤ ︽ ᠵᠡᠭᠦᠨ ᠬᠡᠰᠡᠭ ᠤᠨ ᠨᠡᠭᠡᠭᠡᠯᠲᠡᠲᠤ ᠡᠭᠦᠳᠡ ︾ | ᠵᠢᠨᠡᠪᠲᠡᠷᠡᠭᠦᠯᠵᠦ ᠂ ︽ ᠨᠠᠷᠮᠠᠶ ᠪᠣᠭᠤᠮᠲᠠ ᠶᠢᠨ ᠠᠵᠤ ᠠᠬᠤᠶ ᠶᠢᠨ ᠲᠣᠭᠤᠷᠢᠭ ︾ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨᠣᠷᠣᠵᠤ ᠂ ︽ ᠭᠠᠳᠠᠭᠰᠢ | ᠨᠡᠭᠡᠭᠡᠯᠲᠡ ᠬᠢᠬᠦ ᠲᠡᠮᠦᠷ ᠵᠠᠮ ᠤᠨ ᠭᠠᠷᠠᠮ ᠤᠨ ᠥᠯᠢᠭᠡᠷ ᠬᠡᠪ ︾ ᠤᠨ ᠪᠠᠶᠢᠭᠤᠯᠤᠯᠳᠠ ᠳ᠋ᠤ᠋ᠢᠳᠡᠪᠬᠢᠲᠡᠶ ᠣᠷᠣᠯᠴᠠᠵᠤ ᠂ ᠬᠠᠭᠤᠷᠠᠶ ᠵᠠᠮ ᠤᠨ ᠪᠠᠷᠠᠭᠠᠨ ᠤ | ᠭᠦᠢᠯᠭᠡᠭᠡᠨ ᠤ ︽ ᠡᠮᠦᠨᠡᠰᠢ ᠨᠥᠯᠥᠭᠡᠯᠡᠨ ᠲᠥᠪᠯᠡᠷᠡᠭᠦᠯᠵᠦᠲ᠋ᠠᠷᠬᠠᠭᠠᠬᠤ ᠭᠠᠵᠠᠷ ︾ ᠢ ᠪᠣᠶ ᠪᠣᠯᠭᠠᠨ᠎ᠠ ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠲᠤᠭᠤᠷᠢᠨ ᠳᠤ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠪᠠᠷ ᠬᠠᠮᠲᠤ ᠣᠷᠣᠰᠢᠵᠤ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠡᠶ᠎ᠡ ᠵᠣᠬᠢᠴᠠᠯ ᠲᠠᠢ ᠪᠠᠷ ᠬᠥᠭᠵᠢᠬᠦ ᠶᠢ ᠠᠬᠢᠭᠤᠯᠵᠤ ᠂ ᠡᠭᠡᠣᠷᠣᠨ ᠤ ᠤᠮᠠᠷᠠᠲᠤ ᠬᠢᠵᠠᠭᠠᠷ ᠤᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢᠨ ︽ ᠪᠠᠷᠠᠭᠤᠨ ᠬᠡᠰᠡᠭ ᠤᠨ ᠪᠠᠲᠤᠬᠠᠷᠠᠭᠤᠯ ︾ ᠢ ᠪᠠᠶᠢᠭᠤᠯᠤᠨ᠎ᠠ ︔ ᠲᠣᠰ ᠪᠡᠶ᠎ᠡ ᠶᠢᠨ ᠳᠠᠪᠠᠭᠤᠯᠢᠭ ᠢᠶᠠᠨ | ᠪᠠᠳᠠᠷᠠᠭᠤᠯᠵᠤ ᠂ ᠮᠠᠯᠵᠢᠬᠤ ᠣᠷᠣᠨ ᠤᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠂ 1 - 2 ᠵᠢᠱᠢᠶ᠎ᠡ ᠦᠵᠡᠭᠦᠯᠬᠦ ᠴᠡᠭ ᠢ | ᠥᠨᠳᠥᠷᠪᠠᠷᠢᠮᠵᠢᠶᠠ ᠪᠠᠷ ᠪᠥᠲᠥᠭᠡᠨ ᠪᠠᠶᠢᠭᠤᠯᠵᠤ ᠂ ᠪᠥᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠤᠮᠠᠷᠠᠲᠤ ᠬᠢᠯᠢ ᠶᠢᠨ ᠬᠡᠪ | ᠳᠠᠭᠤᠷᠢᠶᠠᠯ ︾ ᠪᠣᠯᠬᠤ ᠪᠠᠷ ᠴᠢᠷᠮᠠᠶᠢᠨ᠎ᠠ ᠃ | | |