ᠮᠠᠨ ᠤ ᠣᠷᠣᠨ ᠤ 8 ᠳ᠋ᠤᠭᠠᠷ ᠰᠠᠷ᠎ᠠ ᠶᠢᠨ 30 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/1

         8 ᠳ᠋ᠤᠭᠠᠷ ᠰᠠᠷ᠎ᠠ ᠶᠢᠨ 30 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ

ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ

ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 ᠨᠡᠮᠡᠭᠳᠡᠵᠦ᠂ ᠡᠭᠦᠨ ᠳᠤ ᠬᠥᠯᠥᠨ ᠪᠤᠶᠢᠷ ᠬᠤᠲᠠ ᠳᠤ 2 ︵ᠴᠥᠮ ᠨᠡᠶᠢᠭᠡᠮ

ᠲᠣᠭᠤᠷᠢᠭ ᠤᠨ ᠰᠢᠭᠰᠢᠨ ᠪᠠᠶᠢᠴᠠᠭᠠᠯᠲᠠ ᠠᠴᠠ ᠢᠯᠡᠷᠡᠭᠦᠯᠵᠦ᠂ ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 5 ︵ᠴᠥᠮ ᠲᠤᠰᠠᠭᠠᠷᠯᠠᠬᠤ ᠴᠡᠭ ᠠᠴᠠ

ᠪᠠᠶᠢᠴᠠᠭᠠᠨ ᠭᠠᠷᠭᠠᠵᠤ᠂ ᠡᠷᠢᠶᠡᠨ ᠬᠤᠲᠠ ᠳᠤ︶ ᠪᠣᠢ᠃ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠨ

ᠭᠠᠷᠭᠠᠵᠤ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠣᠯᠠᠭᠰᠠᠨ 4 ᠡᠪᠡᠳᠴᠢᠨ ᠤ ᠵᠢᠱᠢᠶ᠎ᠡ

ᠢᠯᠠᠷᠢᠰᠢᠵᠤ ᠡᠮᠨᠡᠯᠭᠡ ᠠᠴᠠ ᠭᠠᠷᠪᠠ᠂ ᠡᠭᠦᠨ ᠳᠤ ᠪᠤᠭᠤᠲᠤ ᠬᠤᠲᠠ ᠳᠤ 1 ︵ᠴᠢᠩᠱᠠᠨ ᠲᠣᠭᠤᠷᠢᠭ ᠲᠤ︶᠂ ᠤᠯᠠᠭᠠᠨᠴᠠᠪ ᠬᠤᠲᠠ ᠳᠤ 2 ︵ᠴᠥᠮ ᠴᠠᠬᠠᠷ

ᠪᠠᠷᠠᠭᠤᠨ ᠭᠠᠷᠤᠨ ᠬᠤᠶᠢᠲᠤ ᠬᠤᠰᠢᠭᠤᠨ ᠳᠤ︶᠂ ᠣᠷᠳᠣᠰ ᠬᠤᠲᠠ ᠳᠤ 1 ︵ᠣᠲᠤᠭ ᠬᠤᠰᠢᠭᠤᠨ ᠳᠤ︶ ᠪᠣᠢ᠃ ᠡᠪᠡᠳᠴᠢᠨ ᠤ ᠢᠯᠡᠷᠡᠯ ᠦᠭᠡᠢ 2

ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠤᠯᠠᠭᠠᠨᠴᠠᠪ ᠬᠤᠲᠠ ᠳᠤ ︵ᠵᠢᠨᠢᠩ ᠲᠣᠭᠤᠷᠢᠭ ᠲᠤ 1᠂ ᠴᠠᠬᠠᠷ

ᠪᠠᠷᠠᠭᠤᠨ ᠭᠠᠷᠤᠨ ᠬᠤᠶᠢᠲᠤ ᠬᠤᠰᠢᠭᠤᠨ ᠳᠤ 1︶ ᠪᠣᠢ᠃ 8 ᠳ᠋ᠤᠭᠠᠷ ᠰᠠᠷ᠎ᠠ ᠶᠢᠨ 30 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 38᠂ ᠡᠭᠦᠨ ᠳᠤ ᠪᠤᠭᠤᠲᠤ ᠬᠤᠲᠠ ᠳᠤ 1 ︵ᠴᠢᠩᠱᠠᠨ

ᠲᠣᠭᠤᠷᠢᠭ ᠲᠤ︶᠂ ᠬᠥᠯᠥᠨ ᠪᠤᠶᠢᠷ ᠬᠤᠲᠠ ᠳᠤ 7 ︵ᠴᠥᠮ ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 20 ︵ᠴᠥᠮ ᠡᠷᠢᠶᠡᠨ ᠬᠤᠲᠠ ᠳᠤ︶

᠂ ᠤᠯᠠᠭᠠᠨᠴᠠᠪ ᠬᠤᠲᠠ ᠳᠤ 4 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶᠂ ᠣᠷᠳᠣᠰ ᠬᠤᠲᠠ ᠳᠤ 6 ︵ᠵᠡᠭᠦᠨᠭᠠᠷ ᠬᠤᠰᠢᠭᠤᠨ ᠳᠤ 5᠂

ᠣᠲᠤᠭ ᠬᠤᠰᠢᠭᠤᠨ ᠳᠤ 1︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 37 ᠪᠠᠶᠢᠵᠤ᠂ ᠡᠭᠦᠨ ᠳᠤ ᠬᠥᠯᠥᠨ ᠪᠤᠶᠢᠷ

ᠬᠤᠲᠠ ᠳᠤ 1 ︵ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 32 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 1 ︵ᠴᠠᠬᠠᠷ

ᠪᠠᠷᠠᠭᠤᠨ ᠭᠠᠷᠤᠨ ᠬᠤᠶᠢᠲᠤ ᠬᠤᠰᠢᠭᠤᠨ ᠳᠤ︶᠂ ᠠᠯᠠᠱᠠ ᠠᠶᠢᠮᠠᠭ ᠲᠤ 3 ︵ᠴᠥᠮ ᠠᠯᠠᠱᠠ ᠵᠡᠭᠦᠨ ᠬᠤᠰᠢᠭᠤᠨ ᠳᠤ︶ ᠪᠣᠢ᠃ ᠬᠢᠯᠢ ᠶᠢᠨ ᠭᠠᠳᠠᠨ᠎ᠠ ᠠᠴᠠ

ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ 12᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 12 ᠪᠠᠶᠢᠵᠤ᠂ ᠴᠥᠮ ᠬᠥᠬᠡᠬᠤᠲᠠ ᠳᠤ ᠪᠣᠢ᠃

ᠡᠳᠡᠭᠡᠷ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ

ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠢ᠃

    

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ