︽ᠲᠠᠪᠤᠨ ᠵᠦᠢᠯ ᠤᠨ ᠬᠠᠮᠢᠶᠠᠷᠤᠯᠲᠠ︾ ᠶᠢᠨ 28 ᠠᠰᠠᠭᠤᠯᠲᠠ ︵ᠬᠤᠶᠠᠷ︶᠄ ᠤᠨᠲᠠᠯᠭ᠎ᠠ ᠶᠢᠨ ᠬᠠᠮᠢᠶᠠᠷᠤᠯᠲᠠ
ᠨᠡᠶᠢᠲᠡᠯᠡᠭᠰᠡᠨ ᠴᠠᠭ᠄
2022/9/1
    【 ᠲᠣᠳᠣᠷᠬᠠᠶᠢᠯᠠᠯᠲᠠ 】 2021 ᠣᠨ ᠤ 1 ᠰᠠᠷ᠎ᠠ ᠠᠴᠠ ᠨᠠᠭᠠᠰᠢ᠂ ᠰᠤᠷᠭᠠᠨ ᠬᠥᠮᠦᠵᠢᠯ ᠤᠨ ᠶᠠᠮᠤᠨ ᠵᠠᠯᠭᠠᠭ᠎ᠠ ᠪᠠᠷ ᠪᠢᠴᠢᠭ ᠮᠠᠲ᠋ᠧᠷᠢᠶᠠᠯ ᠨᠡᠶᠢᠲᠡᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠠᠷ ᠤᠲᠠᠰᠤ᠂ ᠤᠨᠲᠠᠯᠭ᠎ᠠ᠂ ᠤᠩᠰᠢᠬᠤ ᠪᠢᠴᠢᠭ᠂ ᠳᠠᠰᠬᠠᠯ᠂ ᠪᠡᠶ᠎ᠡ ᠮᠠᠬᠠᠪᠣᠳ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠪᠠᠶᠢᠷᠢᠯᠠᠭᠤᠯᠪᠠ᠃ 5 ᠰᠠᠷ᠎ᠠ ᠶᠢᠨ ᠰᠡᠭᠦᠯᠴᠢ ᠠᠴᠠ 6 ᠰᠠᠷ᠎ᠠ ᠶᠢᠨ ᠰᠡᠭᠦᠯᠴᠢ ᠪᠣᠯᠲᠠᠯ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ ᠠᠴᠠ ᠤᠯᠤᠰ ᠤᠨ ᠰᠤᠷᠭᠠᠭᠤᠯᠢ ᠪᠠᠶᠢᠴᠠᠭᠠᠭᠴᠢ᠂ ᠬᠢᠨᠠᠨ ᠵᠢᠯᠣᠭᠤᠳᠬᠤ ᠹᠷᠣᠨᠲ ᠤᠨ ᠬᠠᠷᠢᠭᠤᠴᠠᠯᠭᠠᠲᠠᠳ ᠢ ᠵᠣᠬᠢᠶᠠᠨ ᠪᠠᠶᠢᠭᠤᠯᠵᠤ᠂ ᠪᠥᠬᠦ ᠤᠯᠤᠰ ᠤᠨ 31 ᠮᠤᠵᠢ ︵ᠣᠷᠣᠨ᠂ ᠬᠤᠲᠠ︶ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠦᠷᠴᠦ᠂ ︽ᠲᠠᠪᠤᠨ ᠵᠦᠢᠯ ᠤᠨ ᠬᠠᠮᠢᠶᠠᠷᠤᠯᠲᠠ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠲᠤᠰᠬᠠᠶ ᠬᠢᠨᠠᠨ ᠵᠢᠯᠣᠭᠤᠳᠴᠤ ᠪᠠᠶᠢᠴᠠᠭᠠᠪᠠ᠃ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠬᠤ ᠶᠢᠨ ᠲᠥᠯᠦᠭᠡ᠂ ᠡᠳᠦᠭᠡ ᠦᠷᠭᠦᠯᠵᠢ ᠲᠣᠬᠢᠶᠠᠯᠳᠤᠳᠠᠭ 28 ᠠᠰᠠᠭᠤᠳᠠᠯ ᠳᠤ ᠲᠠᠶᠢᠯᠤᠮᠵᠢ ᠬᠢᠶ᠎ᠠ᠃       1 . ᠠᠰᠠᠭᠤᠯᠲᠠ᠄ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠨᠲᠠᠯᠭ᠎ᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠳᠣᠷᠣᠭᠰᠢ ︽ᠤᠨᠲᠠᠯᠭ᠎ᠠ ᠶᠢᠨ ᠬᠠᠮᠢᠶᠠᠷᠤᠯᠲᠠ ᠶᠢᠨ ᠮᠡᠳᠡᠭᠳᠡᠯ︾ ᠭᠡᠵᠦ ᠬᠢᠯᠪᠠᠷᠴᠢᠯᠠᠨ᠎ᠠ︶ ᠳᠤ ᠡᠯ᠎ᠡ ᠭᠠᠵᠠᠷ ᠤᠨ ᠡᠯ᠎ᠡ ᠰᠤᠷᠭᠠᠭᠤᠯᠢ ᠰᠢᠨᠵᠢᠯᠡᠬᠦ ᠤᠬᠠᠭᠠᠨᠴᠢ ᠪᠠᠷ ᠤᠨᠲᠠᠬᠤ ᠲᠤᠬᠠᠢ ᠤᠬᠠᠭᠤᠯᠭ᠎ᠠ ᠬᠥᠮᠦᠵᠢᠯ ᠢ ᠴᠢᠩᠭᠠᠳᠬᠠᠬᠤ ᠳᠤ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠢ︖       ᠬᠠᠷᠢᠭᠤᠯᠲᠠ᠄ ᠡᠯ᠎ᠡ ᠭᠠᠵᠠᠷ ᠤᠨ ᠡᠯ᠎ᠡ ᠰᠤᠷᠭᠠᠭᠤᠯᠢ ᠨᠢ ᠰᠢᠨᠵᠢᠯᠡᠬᠦ ᠤᠬᠠᠭᠠᠨᠴᠢ ᠪᠠᠷ ᠣᠨᠲᠠᠬᠤ ᠤᠬᠠᠭᠤᠯᠭ᠎ᠠ ᠬᠥᠮᠥᠵᠢᠯ ᠢ ᠬᠢᠴᠢᠶᠡᠯ ᠤᠨ ᠵᠢᠭᠠᠨ ᠰᠤᠷᠭᠠᠯᠲᠠ ᠶᠢᠨ ᠳᠣᠭᠲᠠᠯᠴᠠᠭ᠎ᠠ᠂ ᠪᠠᠭᠰᠢ ᠶᠢᠨ ᠪᠣᠯᠪᠠᠰᠤᠷᠠᠭᠤᠯᠤᠯ ᠤᠨ ᠠᠭᠤᠯᠭ᠎ᠠ ᠪᠠ ᠬᠡᠷ ᠪᠦᠯᠢ ᠰᠤᠷᠭᠠᠭᠤᠯᠢ ᠬᠠᠮᠵᠢᠯᠴᠠᠨ ᠬᠥᠮᠦᠨ ᠢ ᠬᠥᠮᠦᠵᠢᠭᠦᠯᠬᠦ ᠲᠣᠭᠲᠠᠴᠠ ᠳᠤ ᠪᠠᠨ ᠣᠷᠣᠭᠤᠯᠵᠤ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠠᠩᠭᠢ ᠪᠦᠯᠬᠦᠮ ᠨᠡᠶᠢᠲᠡ ᠶᠢᠨ ᠠᠵᠢᠯᠯᠠᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠵᠢᠴᠢ ᠬᠡᠷ ᠤᠨ ᠠᠬᠠᠮᠠᠳ ᠤᠨ ᠰᠤᠷᠭᠠᠭᠤᠯᠢ᠂ ᠬᠡᠷ ᠤᠨ ᠠᠬᠠᠮᠠᠳ ᠤᠨ ᠬᠤᠷᠠᠯ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠰᠢᠨᠵᠢᠯᠡᠬᠦ ᠤᠬᠠᠭᠠᠨᠴᠢ ᠪᠠᠷ ᠤᠨᠲᠠᠬᠤ ᠮᠡᠳᠡᠯᠭᠡ ᠶᠢ ᠶᠡᠭᠡ ᠪᠠᠷ ᠲᠦᠭᠡᠮᠡᠯᠵᠢᠭᠦᠯᠵᠦ᠂ ᠭᠦᠢᠴᠡᠳ ᠤᠨᠲᠠᠬᠤ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠦᠵᠡᠭᠦᠯᠬᠦ ᠲᠦᠢᠯ ᠤᠨ ᠴᠢᠬᠤᠯᠠ ᠴᠢᠨᠠᠷ ᠢ ᠥᠷᠭᠡᠨ ᠢᠶᠠᠷ ᠤᠬᠠᠭᠤᠯᠵᠤ᠂ ᠪᠠᠭᠰᠢ ᠶᠢᠨ ᠦᠵᠡᠯ ᠰᠠᠨᠠᠭ᠎ᠠ ᠲᠠᠨᠢᠯᠲᠠ ᠶᠢ ᠳᠡᠭᠡᠭᠰᠢᠯᠡᠭᠦᠯᠦᠨ᠂ ᠰᠤᠷᠤᠭᠴᠢᠳ ᠢ ᠤᠨᠲᠠᠯᠭ᠎ᠠ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠭᠠᠨ ᠬᠥᠮᠦᠵᠢᠭᠦᠯᠵᠦ᠂ ᠬᠡᠷ ᠤᠨ ᠠᠬᠠᠮᠠᠳ ᠢ ᠬᠥᠲᠥᠯᠦᠨ ᠵᠢᠯᠣᠭᠤᠳᠴᠤ ᠬᠡᠦᠬᠡᠳ ᠤᠨ ᠤᠨᠲᠠᠯᠭ᠎ᠠ ᠶᠢᠨ ᠬᠠᠮᠢᠶᠠᠷᠤᠯᠲᠠ ᠶᠢ ᠰᠠᠶᠢᠲᠤᠷ ᠬᠢᠬᠦ ᠶᠢ ᠴᠢᠬᠤᠯᠠᠴᠢᠯᠠᠪᠠ᠃        2 . ᠠᠰᠠᠭᠤᠯᠲᠠ᠄ ︽ᠤᠨᠲᠠᠯᠭ᠎ᠠ ᠶᠢᠨ ᠬᠠᠮᠢᠶᠠᠷᠤᠯᠲᠠ ᠶᠢᠨ ᠮᠡᠳᠡᠭᠳᠡᠯ︾ ᠳᠠᠬᠢ ᠰᠤᠷᠤᠭᠴᠢᠳ ᠤᠨ ᠤᠨᠲᠠᠬᠤ ᠴᠠᠭ ᠤᠨ ᠲᠤᠬᠠᠢ ᠱᠠᠭᠠᠷᠳᠠᠯᠭ᠎ᠠ ᠨᠢ ᠶᠠᠭᠤ ᠪᠣᠢ︖        ᠬᠠᠷᠢᠭᠤᠯᠲᠠ᠄ ᠠᠳᠠᠯᠢ ᠪᠣᠰᠤ ᠨᠠᠰᠤᠨ ᠤ ᠰᠤᠷᠤᠭᠴᠢ ᠶᠢᠨ ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠢ ᠦᠨᠳᠦᠰᠦᠯᠡᠵᠦ᠂ ᠡᠳᠦᠷ ᠪᠥᠷᠢ ᠶᠢᠨ ᠤᠨᠳᠠᠬᠤ ᠴᠠᠭ ᠢ ᠪᠠᠭ᠎ᠠ ᠰᠤᠷᠭᠠᠭᠤᠯᠢ ᠶᠢᠨ ᠰᠤᠷᠤᠭᠴᠢ 10 ᠴᠠᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ 9 ᠴᠠᠭ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ 8 ᠴᠠᠭ ᠭᠡᠵᠦ ᠳᠣᠭᠲᠠᠭᠠᠪᠠ᠃ ᠰᠤᠷᠭᠠᠭᠤᠯᠢ᠂ ᠬᠡᠷ ᠪᠦᠯᠢ ᠵᠢᠴᠢ ᠬᠤᠯᠪᠤᠭᠳᠠᠬᠤ ᠲᠠᠯ᠎ᠠ ᠶᠢᠨ ᠬᠢᠨ ᠬᠠᠮᠲᠤ ᠪᠠᠷ ᠴᠢᠷᠮᠠᠶᠢᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠦᠢᠴᠡᠳ ᠤᠨᠲᠠᠬᠤ ᠶᠢ ᠦᠨᠡᠨ ᠬᠦ ᠪᠠᠲᠤᠯᠠᠬᠤ ᠬᠡᠷᠡᠭᠲᠡᠶ᠃       3 . ᠠᠰᠠᠭᠤᠯᠲᠠ᠄ ︽ᠤᠨᠲᠠᠯᠭ᠎ᠠ ᠶᠢᠨ ᠬᠠᠮᠢᠶᠠᠷᠤᠯᠲᠠ ᠶᠢᠨ ᠮᠡᠳᠡᠭᠳᠡᠯ︾ ᠳᠤ ᠰᠤᠷᠭᠠᠭᠤᠯᠢ ᠶᠢᠨ ᠠᠵᠢᠯᠯᠠᠵᠤ ᠠᠮᠠᠷᠠᠬᠤ ᠴᠠᠭ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠲᠤᠬᠠᠶ ᠶᠠᠮᠠᠷ ᠲᠣᠭᠲᠠᠭᠠᠯ ᠭᠠᠷᠭᠠᠭᠰᠠᠨ ᠪᠣᠶ︖      ᠬᠠᠷᠢᠭᠤᠯᠲᠠ᠄ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠰᠤᠷᠤᠭᠴᠢᠳ ᠤᠨ ᠭᠦᠢᠴᠡᠳ ᠤᠨᠲᠠᠬᠤ ᠬᠡᠷᠡᠭᠴᠡᠭᠡ ᠶᠢ ᠪᠠᠲᠤᠯᠠᠬᠤ ᠠᠴᠠ ᠭᠠᠷᠳᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯᠯᠠᠵᠤ ᠠᠮᠠᠷᠠᠬᠤ ᠴᠠᠭ ᠢ ᠵᠣᠬᠢᠰᠲᠠᠶ ᠳᠣᠭᠲᠠᠭᠠᠬᠤ ᠬᠡᠷᠡᠭᠲᠡᠢ᠃ ᠨᠢᠭᠡ ᠳᠤ᠂ ᠦᠳᠡ ᠶᠢᠨ ᠡᠮᠦᠨᠡᠬᠢ ᠬᠢᠴᠢᠶᠡᠯ ᠡᠬᠢᠯᠡᠬᠦ ᠴᠠᠭ ᠢ ᠪᠠᠭ᠎ᠠ ᠰᠤᠷᠭᠠᠭᠤᠯᠢ 8᠄ 20 ᠠᠴᠠ ᠡᠷᠲᠡ ᠪᠠᠶᠢᠯᠭᠠᠵᠤ ᠪᠣᠯᠬᠤ ᠦᠭᠡᠢ᠂ ᠳᠤᠮᠳᠠᠳᠤ ᠰᠤᠷᠭᠠᠭᠤᠯᠢ 8᠄ 00 ᠴᠠᠭ ᠠᠴᠠ ᠡᠷᠲᠡ ᠪᠠᠶᠢᠯᠭᠠᠵᠤ ᠪᠣᠯᠬᠤ ᠦᠭᠡᠢ︔ ᠰᠤᠷᠭᠠᠭᠤᠯᠢ ᠠᠴᠠ ᠰᠤᠷᠤᠭᠴᠢᠳ ᠢ ᠤᠷᠢᠳᠴᠢᠯᠠᠨ ᠰᠤᠷᠭᠠᠭᠤᠯᠢ ᠳᠤ ᠣᠴᠢᠵᠤ ᠨᠢᠭᠡᠳᠦᠯᠲᠡᠶ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠣᠷᠣᠯᠴᠠᠭᠤᠯᠬᠤ ᠪᠠᠷ ᠱᠠᠭᠠᠷᠳᠠᠵᠤ ᠪᠣᠯᠬᠤ ᠥᠬᠡᠶ᠂ ᠬᠡᠷ ᠪᠦᠯᠢ ᠶᠢᠨ ᠣᠨᠴᠠᠭᠠᠶ ᠪᠠᠶᠢᠳᠠᠯ ᠠᠴᠠ ᠪᠣᠯᠵᠣ ᠡᠷᠲᠡ ᠰᠤᠷᠭᠠᠭᠤᠯᠢ ᠳᠤ ᠭᠦᠷᠦᠭᠰᠡᠨ ᠰᠣᠷᠣᠭᠴᠢ ᠳᠤ ᠰᠤᠷᠭᠠᠭᠤᠯᠢ ᠨᠢ ᠡᠭᠦᠳᠡ ᠪᠠᠨ ᠨᠡᠭᠡᠭᠡᠵᠦ ᠥᠭᠭᠦᠨ᠂ ᠵᠣᠬᠢᠰᠲᠠᠢ ᠲᠣᠬᠢᠷᠠᠭᠤᠯᠬᠤ ᠬᠡᠷᠡᠭᠲᠡᠶ᠃ ᠬᠤᠶᠠᠷ ᠲᠤ᠂ ᠬᠢᠴᠢᠶᠡᠯ ᠤᠨ ᠵᠠᠪᠰᠠᠷᠯᠠᠭ᠎ᠠ ᠶᠢᠨ ᠴᠠᠭ ᠪᠠ ᠦᠳᠡ ᠶᠢᠨ ᠬᠤᠶᠢᠨᠠᠬᠢ ᠬᠢᠴᠢᠶᠡᠯ ᠤᠨ ᠴᠠᠭ ᠢ ᠵᠣᠬᠢᠰᠲᠠᠶ ᠲᠣᠬᠢᠷᠠᠭᠤᠯᠵᠤ᠂ ᠨᠥᠬᠦᠴᠡᠯ ᠲᠠᠢ ᠭᠠᠵᠠᠷ ᠣᠷᠣᠨ ᠪᠠ ᠰᠤᠷᠭᠠᠭᠤᠯᠢ ᠨᠢ ᠰᠤᠷᠤᠭᠴᠢᠳ ᠤᠨ ᠴᠢᠬᠤᠯᠠ ᠪᠥᠬᠦᠶ ᠦᠳᠡ ᠶᠢᠨ ᠤᠨᠲᠠᠯᠭ᠎ᠠ ᠶᠢᠨ ᠴᠠᠭ ᠢ ᠪᠠᠲᠤᠯᠠᠬᠤ ᠬᠡᠷᠡᠭᠲᠡᠶ᠃ ᠭᠤᠷᠪᠠ ᠳᠤ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠨᠢ ᠠᠵᠢᠯᠯᠠᠵᠤ ᠠᠮᠠᠷᠠᠬᠤ ᠴᠠᠭ ᠢ ᠵᠣᠬᠢᠰᠲᠠᠶ ᠲᠣᠬᠢᠷᠠᠭᠤᠯᠵᠤ᠂ ᠰᠤᠷᠤᠭᠴᠢᠳ ᠤᠨ ᠤᠨᠲᠠᠬᠤ ᠴᠠᠭ ᠲᠣᠭᠲᠠᠭᠰᠠᠨ ᠱᠠᠭᠠᠷᠳᠠᠯᠭ᠎ᠠ ᠳᠤ ᠬᠥᠷᠬᠦ ᠶᠢ ᠪᠠᠲᠤᠯᠠᠬᠤ ᠬᠡᠷᠡᠭᠲᠡᠶ᠃       4 . ᠠᠰᠠᠭᠤᠯᠲᠠ᠄ ᠰᠤᠷᠤᠯᠴᠠᠬᠤ ᠴᠠᠭ ᠬᠡᠲᠦᠷᠬᠡᠢ ᠬᠦᠨᠳᠦᠷᠡᠵᠦ ᠤᠨᠲᠠᠬᠤ ᠴᠠᠭ ᠢ ᠨᠥᠯᠦᠭᠡᠯᠡᠬᠦ ᠠᠴᠠ ᠬᠡᠷᠬᠢᠨ ᠰᠡᠷᠭᠡᠶᠢᠯᠡᠬᠦ ᠪᠣᠢ︖       ᠬᠠᠷᠢᠭᠤᠯᠲᠠ᠄ ︽ᠤᠨᠲᠠᠯᠭ᠎ᠠ ᠶᠢᠨ ᠬᠠᠮᠢᠶᠠᠷᠤᠯᠲᠠ ᠶᠢᠨ ᠮᠡᠳᠡᠭᠳᠡᠯ︾ ᠳᠤ ᠲᠣᠳᠣᠷᠬᠠᠶᠢᠯᠠᠭᠰᠠᠨ ᠨᠢ᠄ ᠨᠢᠭᠡ ᠳᠤ᠂ ᠳᠤᠮᠳᠠᠳᠤ ᠪᠠᠭ᠎ᠠ ᠰᠤᠷᠭᠠᠭᠤᠯᠢ ᠨᠤᠭᠤᠳ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠳᠠᠰᠬᠠᠯ ᠢ ᠨᠢᠭᠡᠳᠦᠯᠲᠡᠶ ᠲᠥᠯᠥᠪᠯᠡᠬᠦ ᠬᠠᠮᠢᠶᠠᠷᠤᠯᠲᠠ ᠪᠠᠨ ᠴᠢᠩᠭᠠᠳᠬᠠᠨ᠂ ᠬᠤᠯᠪᠤᠭᠳᠠᠬᠤ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠰᠤᠷᠤᠭᠴᠢᠳ ᠤᠨ ᠪᠢᠴᠢᠬᠦ ᠳᠠᠰᠬᠠᠯ ᠤᠨ ᠶᠡᠷᠦᠩᠬᠡᠶ ᠬᠡᠮᠵᠢᠶ᠎ᠡ ᠶᠢ ᠵᠦᠶ ᠵᠣᠬᠢᠰᠲᠠᠶ ᠲᠣᠬᠢᠷᠠᠭᠤᠯᠤᠨ ᠡᠵᠡᠮᠳᠡᠵᠦ᠂ ᠰᠤᠷᠤᠭᠴᠢᠳ ᠳᠠᠪᠲᠠᠯᠭ᠎ᠠ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠴᠠᠭ ᠢ ᠭᠦᠢᠴᠡᠳ ᠠᠰᠢᠭᠯᠠᠬᠤ ᠶᠢ ᠵᠢᠭᠠᠨ ᠵᠢᠯᠣᠭᠤᠳᠴᠤ᠂ ᠪᠠᠭ᠎ᠠ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠳᠤ ᠪᠠᠨ ᠶᠡᠬᠡᠩᠬᠢ ᠪᠢᠴᠢᠬᠦ ᠳᠠᠰᠬᠠᠯ ᠢᠶᠠᠨ ᠪᠡᠶᠡᠯᠡᠭᠦᠯᠵᠦ᠂ ᠬᠡᠷ ᠲᠤ ᠪᠠᠨ ᠬᠠᠷᠢᠭᠰᠠᠨ ᠤ ᠳᠠᠷᠠᠭ᠎ᠠ ᠳᠠᠰᠬᠠᠯ ᠬᠢᠬᠦ ᠴᠠᠭ ᠨᠢ ᠬᠡᠲᠦ ᠣᠷᠳᠣ ᠪᠣᠯᠵᠣ᠂ ᠬᠡᠪ ᠤᠨ ᠤᠨᠲᠠᠬᠤ ᠴᠠᠭ ᠢ ᠨᠥᠯᠦᠭᠡᠯᠡᠬᠦ ᠠᠴᠠ ᠵᠠᠶᠢᠯᠠᠰᠬᠢᠬᠤ ᠬᠡᠷᠡᠭᠲᠡᠶ᠃ ᠬᠤᠶᠠᠷ ᠲᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠯ ᠳᠠᠭᠤᠰᠬᠤ ᠴᠠᠭ ᠨᠢ 20᠄ 30 ᠠᠴᠠ ᠣᠷᠣᠶ ᠪᠠᠶᠢᠵᠤ ᠪᠣᠯᠬᠤ ᠥᠬᠡᠶ ᠂ ᠬᠢᠴᠢᠶᠡᠯ ᠠᠴᠠ ᠡᠮᠦᠨ᠎ᠡ ᠳᠠᠪᠲᠠᠬᠤ᠂ ᠬᠢᠴᠢᠶᠡᠯ ᠤᠨ ᠳᠠᠷᠠᠭ᠎ᠠ ᠪᠠᠬᠢᠵᠢᠭᠦᠯᠬᠦ᠂ ᠳᠠᠰᠬᠠᠯ ᠬᠢᠵᠦ ᠳᠠᠪᠲᠠᠬᠤ᠂ ᠸᠢᠴᠠᠲ ᠤᠨ ᠴᠤᠭᠯᠠᠷᠠᠯ ᠳᠤ ᠺᠠᠷᠲ ᠴᠣᠬᠢᠬᠤ ᠵᠡᠷᠭᠡ ᠶᠠᠮᠠᠷ ᠪᠠ ᠬᠡᠯᠪᠡᠷᠢ ᠪᠠᠷ ᠳᠠᠰᠬᠠᠯ ᠪᠠᠶᠢᠷᠢᠯᠠᠭᠤᠯᠵᠤ ᠪᠣᠯᠬᠤ ᠥᠬᠡᠶ᠃        5 . ᠰᠤᠷᠤᠭᠴᠢᠳ ᠤᠨ ᠤᠨᠲᠠᠬᠤ ᠴᠠᠭ ᠢ ᠬᠡᠷᠬᠢᠨ ᠵᠣᠬᠢᠰᠲᠠᠶ ᠲᠣᠬᠢᠷᠠᠭᠤᠯᠬᠤ ᠪᠤᠶ︖        ᠬᠠᠷᠢᠭᠤᠯᠲᠠ᠄ ︽ᠤᠨᠲᠠᠯᠭ᠎ᠠ ᠶᠢᠨ ᠬᠠᠮᠢᠶᠠᠷᠤᠯᠲᠠ ᠶᠢᠨ ᠮᠡᠳᠡᠭᠳᠡᠯ︾ ᠳᠤ᠂ ᠳᠤᠮᠳᠠᠳᠤ ᠪᠠᠭ᠎ᠠ ᠰᠤᠷᠭᠠᠭᠤᠯᠢ ᠬᠡᠷ ᠤᠨ ᠠᠬᠠᠮᠠᠳ ᠪᠠ ᠰᠤᠷᠤᠭᠴᠢᠳ ᠢ ᠵᠢᠯᠣᠭᠤᠳᠤᠨ ᠰᠤᠷᠤᠭᠴᠢᠳ ᠤᠨ ᠠᠵᠢᠯᠯᠠᠵᠤ ᠠᠮᠠᠷᠠᠬᠤ ᠴᠠᠭ ᠤᠨ ᠬᠦᠰᠦᠨᠦᠭᠲᠦ ᠶᠢ ᠲᠣᠭᠲᠠᠭᠠᠬᠤ ᠬᠡᠷᠡᠭᠲᠡᠶ᠃ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠤᠨᠲᠠᠬᠤ ᠴᠠᠭ 21᠄ 20 ᠠᠴᠠ ᠣᠷᠣᠢ ᠪᠠᠶᠢᠵᠤ ᠪᠣᠯᠬᠤ ᠦᠭᠡᠢ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠤᠨᠲᠠᠬᠤ ᠴᠠᠭ 22᠄ 00 ᠠᠴᠠ ᠣᠷᠣᠢ ᠪᠠᠶᠢᠵᠤ ᠪᠣᠯᠬᠤ ᠦᠭᠡᠢ︔ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠤᠨᠲᠠᠬᠤ ᠴᠠᠭ 23᠄ 00 ᠠᠴᠠ ᠣᠷᠣᠢ ᠪᠠᠶᠢᠵᠤ ᠪᠣᠯᠬᠤ ᠦᠭᠡᠢ᠃ ᠣᠨᠴᠠ ᠵᠠᠷᠢᠮ ᠰᠣᠷᠣᠭᠴᠢ ᠤᠨᠲᠠᠬᠤ ᠴᠠᠭ ᠪᠣᠯᠤᠭᠰᠠᠨ ᠪᠠᠶᠢᠲᠠᠯ᠎ᠠ ᠳᠠᠰᠬᠠᠯ ᠢᠶᠠᠨ ᠳᠠᠭᠤᠰᠬᠠᠭ᠎ᠠ ᠦᠭᠡᠢ ᠴᠤ ᠬᠡᠷ ᠤᠨ ᠠᠬᠠᠮᠠᠳ ᠨᠢ ᠴᠠᠭ ᠲᠤ ᠪᠠᠨ ᠤᠨᠲᠠᠬᠤ ᠶᠢ ᠱᠠᠭᠠᠷᠳᠠᠵᠤ᠂ ᠭᠦᠢᠴᠡᠳ ᠤᠨᠲᠠᠬᠤ ᠶᠢ ᠪᠠᠲᠤᠯᠠᠬᠤ ᠬᠡᠷᠡᠭᠲᠡᠶ︔ ᠪᠠᠭᠰᠢ ᠨᠠᠷ ᠰᠤᠷᠤᠭᠴᠢᠳ ᠢ ᠬᠠᠪᠰᠤᠷᠤᠨ ᠰᠢᠯᠲᠠᠭᠠᠨ ᠢ ᠵᠠᠳᠠᠯᠵᠤ᠂ ᠰᠤᠷᠤᠯᠴᠠᠯᠭ᠎ᠠ ᠶᠢ ᠬᠠᠪᠰᠤᠷᠤᠨ ᠵᠢᠯᠣᠭᠤᠳᠬᠤ ᠪᠠᠨ ᠴᠢᠩᠭᠠᠳᠬᠠᠵᠤ᠂ ᠰᠠᠶᠢᠵᠢᠷᠠᠭᠤᠯᠬᠤ ᠠᠷᠭ᠎ᠠ ᠪᠤᠳᠤᠯᠭ᠎ᠠ ᠳᠤᠷᠠᠳᠴᠤ᠂ ᠴᠢᠬᠤᠯᠠ ᠲᠠᠢ ᠪᠣᠯ ᠳᠠᠰᠬᠠᠯ ᠤᠨ ᠠᠭᠤᠯᠭ᠎ᠠ ᠪᠠ ᠳᠠᠰᠬᠠᠯ ᠤᠨ ᠬᠡᠮᠵᠢᠶ᠎ᠡ ᠶᠢ ᠲᠤᠬᠢᠷᠠᠭᠤᠯᠵᠤ ᠪᠣᠯᠤᠨ᠎ᠠ᠃       6 . ᠠᠰᠠᠭᠤᠯᠲᠠ᠄ ︽ᠤᠨᠲᠠᠯᠭ᠎ᠠ ᠶᠢᠨ ᠬᠠᠮᠢᠶᠠᠷᠤᠯᠲᠠ ᠶᠢᠨ ᠮᠡᠳᠡᠭᠳᠡᠯ︾ ᠳᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ᠂ ᠰᠦᠯᠵᠢᠶᠡᠨ ᠤ ᠪᠣᠯᠪᠠᠰᠤᠷᠠᠭᠤᠯᠤᠯ ᠰᠦᠯᠵᠢᠶᠡᠨ ᠤ ᠬᠢᠴᠢᠶᠡᠯ ᠤᠨ ᠲᠠᠪᠴᠠᠩ᠂ ᠰᠦᠯᠵᠢᠶᠡᠨ ᠤ ᠲᠣᠭᠯᠠᠭᠠᠮ ᠢ ᠳᠦᠷᠢᠮᠵᠢᠭᠦᠯᠦᠨ ᠬᠠᠮᠢᠶᠠᠷᠬᠤ ᠶᠠᠮᠠᠷ ᠱᠠᠭᠠᠷᠳᠠᠯᠭ᠎ᠠ ᠲᠠᠢ ᠪᠣᠢ︖        ᠬᠠᠷᠢᠭᠤᠯᠲᠠ᠄ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠳᠡᠩᠰᠡᠯᠡᠨ ᠲᠡᠮᠳᠡᠭᠯᠡᠭᠰᠡᠨ ᠪᠤᠶᠤ ᠳᠠᠩᠰᠠᠯᠠᠭᠤᠯᠤᠭᠰᠠᠨ ᠰᠦᠯᠵᠢᠶᠡᠨ ᠤ ᠪᠣᠯᠪᠠᠰᠤᠷᠠᠭᠤᠯᠤᠯ ᠰᠦᠯᠵᠢᠶᠡᠨ ᠤ ᠬᠢᠴᠢᠶᠡᠯ ᠤᠨ ᠲᠠᠪᠴᠠᠩ᠂ ᠰᠦᠯᠵᠢᠶᠡᠨ ᠤ ᠲᠣᠭᠯᠠᠭᠠᠮ ᠤᠨ ᠳᠦᠷᠢᠮᠵᠢᠭᠰᠡᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠮᠡᠷᠭᠡᠵᠢᠯ ᠤᠨ ᠠᠷᠭ᠎ᠠ ᠶᠢ ᠬᠡᠷᠡᠭᠯᠡᠨ ᠬᠢᠨᠠᠨ ᠬᠠᠮᠢᠶᠠᠷᠴᠤ᠂ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠥᠷᠥᠯ ᠤᠨ ᠪᠣᠯᠪᠠᠰᠤᠷᠠᠭᠤᠯᠤᠯ ᠤᠨ ᠠᠵᠢᠯᠯᠠᠭᠠᠨ ᠤ ᠳᠠᠭᠤᠰᠬᠤ ᠴᠠᠭ ᠢ 21᠄ 00 ᠠᠴᠠ ᠣᠷᠣᠶ ᠪᠠᠶᠢᠯᠭᠠᠵᠤ ᠪᠣᠯᠬᠤ ᠥᠬᠡᠶ᠂ ᠡᠳᠦᠷ ᠪᠦᠷᠢ ᠶᠢᠨ 22᠄ 00 ᠴᠠᠭ ᠠᠴᠠ ᠳᠠᠷᠠᠭ᠎ᠠ ᠡᠳᠦᠷ ᠤᠨ 8᠄ 00 ᠴᠠᠭ ᠪᠣᠯᠲᠠᠯ᠎ᠠ ᠨᠠᠰᠤᠨ ᠳᠤ ᠥᠯᠥ ᠭᠦᠷᠦᠭᠰᠡᠳ ᠲᠤ ᠲᠣᠭᠯᠠᠭᠠᠮ ᠤᠨ ᠦᠢᠯᠡᠴᠢᠯᠡᠭᠡ ᠶᠢ ᠬᠠᠩᠭᠠᠵᠤ ᠪᠣᠯᠬᠤ ᠥᠬᠡᠶ᠃       7 . ᠠᠰᠠᠭᠤᠯᠲᠠ᠄ ᠰᠤᠷᠤᠭᠴᠢᠳ ᠤᠨ ᠤᠨᠲᠠᠯᠭ᠎ᠠ ᠶᠢ ᠪᠠᠶᠢᠴᠠᠭᠠᠵᠤ ᠬᠢᠨᠠᠨ ᠵᠢᠯᠣᠭᠤᠳᠬᠤ ᠶᠢ ᠬᠡᠷᠬᠢᠨ ᠴᠢᠩᠭᠠᠳᠬᠠᠬᠤ ᠪᠣᠢ︖       ᠬᠠᠷᠢᠭᠤᠯᠲᠠ᠄ ︽ᠤᠨᠲᠠᠯᠭ᠎ᠠ ᠶᠢᠨ ᠬᠠᠮᠢᠶᠠᠷᠤᠯᠲᠠ ᠶᠢᠨ ᠮᠡᠳᠡᠭᠳᠡᠯ︾ ᠳᠤ ᠲᠣᠭᠲᠠᠭᠠᠭᠰᠠᠨ ᠨᠢ᠄       ᠨᠢᠭᠡᠳᠦᠭᠡᠷ ᠲᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠨᠲᠠᠯᠭ᠎ᠠ ᠶᠢᠨ ᠬᠠᠮᠢᠶᠠᠷᠤᠯᠲᠠ ᠪᠠ ᠵᠢᠯᠣᠭᠤᠳᠤᠯᠭ᠎ᠠ ᠶᠢᠨ ᠠᠵᠢᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠤᠭᠴᠢᠳ ᠤᠨ ᠤᠨᠲᠠᠯᠭ᠎ᠠ ᠶᠢᠨ ᠪᠠᠶᠢᠳᠠᠯ ᠢ ᠰᠤᠷᠤᠭᠴᠢᠳ ᠤᠨ ᠪᠡᠶ᠎ᠡ ᠮᠠᠬᠠᠪᠣᠳ ᠡᠷᠡᠭᠦᠯ ᠮᠡᠨᠳᠤ ᠶᠢ ᠪᠠᠶᠢᠴᠠᠭᠠᠬᠤ ᠪᠠ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ ᠳᠣᠭᠲᠠᠯᠴᠠᠭᠠᠨ ᠳᠤ ᠣᠷᠣᠭᠤᠯᠵᠤ᠂ ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠶᠢ ᠭᠦᠢᠴᠡᠳ ᠠᠰᠢᠭᠯᠠᠨ᠂ ᠰᠤᠷᠤᠭᠴᠢᠳ ᠤᠨ ᠤᠨᠲᠠᠯᠭ᠎ᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠣᠯᠤᠨ ᠪᠣᠳᠠᠲᠤ ᠦᠷ᠎ᠡ ᠪᠥᠳᠥᠮᠵᠢᠳᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃       ᠬᠤᠶᠠᠳᠤᠭᠠᠷ ᠲᠤ᠂ ᠡᠯ᠎ᠡ ᠭᠠᠵᠠᠷ ᠤᠨ ᠬᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠪᠤᠶᠤ ᠰᠦᠯᠵᠢᠶᠡᠨ ᠤ ᠲᠠᠪᠴᠠᠩ ᠪᠠᠶᠢᠭᠤᠯᠵᠤ᠂ ᠬᠡᠷ ᠤᠨ ᠠᠬᠠᠮᠠᠳ ᠤᠨ ᠲᠤᠰᠬᠠᠭᠰᠠᠨ ᠠᠰᠠᠭᠤᠳᠠᠯ ᠪᠠ ᠰᠠᠨᠠᠯ ᠢ ᠰᠠᠭᠠᠳ ᠥᠬᠡᠶ ᠨᠡᠪᠲᠡᠷᠡᠭᠦᠯᠵᠦ᠂ ᠬᠤᠯᠪᠤᠭᠳᠠᠬᠤ ᠠᠵᠢᠯ ᠢ ᠴᠠᠭ ᠲᠤᠬᠠᠶ ᠳᠤ ᠨᠢ ᠬᠠᠯᠠᠨ ᠰᠠᠶᠢᠵᠢᠷᠠᠭᠤᠯᠵᠤ᠂ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃       ᠭᠤᠷᠪᠠᠳᠤᠭᠠᠷ ᠲᠤ᠂ ᠡᠯ᠎ᠡ ᠭᠠᠵᠠᠷ ᠤᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠰᠠᠯᠠᠭ᠎ᠠ ᠮᠥᠴᠢᠷ ᠠᠴᠠ ᠰᠤᠷᠤᠭᠴᠢᠳ ᠤᠨ ᠤᠨᠲᠠᠯᠭ᠎ᠠ ᠶᠢᠨ ᠬᠠᠮᠢᠶᠠᠷᠤᠯᠲᠠ ᠶᠢᠨ ᠠᠵᠢᠯ ᠢ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠬᠢᠨᠠᠨ ᠵᠢᠯᠣᠭᠤᠳᠴᠤ ᠦᠨᠡᠯᠡᠬᠦ ᠳᠤ ᠪᠠᠨ ᠣᠷᠣᠭᠤᠯᠬᠤ ᠬᠡᠷᠡᠭᠲᠡᠢ᠃   
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ