︽ᠲᠠᠪᠤᠨ ᠵᠦᠢᠯ ᠤᠨ ᠬᠠᠮᠢᠶᠠᠷᠤᠯᠲᠠ︾ ᠶᠢᠨ 28 ᠠᠰᠠᠭᠤᠯᠲᠠ ︵ᠭᠤᠷᠪᠠ︶᠄ ᠤᠩᠰᠢᠬᠤ ᠪᠢᠴᠢᠭ ᠤᠨ ᠬᠠᠮᠢᠶᠠᠷᠤᠯᠲᠠ
ᠨᠡᠶᠢᠲᠡᠯᠡᠭᠰᠡᠨ ᠴᠠᠭ᠄
2022/9/1
        1 . ᠠᠰᠠᠭᠤᠯᠲᠠ᠄ ᠰᠤᠷᠭᠠᠨ ᠬᠥᠮᠦᠵᠢᠯ ᠤᠨ ᠶᠠᠮᠤᠨ ᠠᠴᠠ ᠨᠡᠶᠢᠲᠡᠯᠡᠭᠰᠡᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠤᠩᠰᠢᠬᠤ ᠪᠢᠴᠢᠭ ᠤᠨ ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢᠨ ᠦᠨᠳᠦᠰᠦᠨ ᠪᠣᠳᠣᠯᠬᠢᠯᠠᠯ ᠨᠢ ᠶᠠᠭᠤ ᠪᠤᠢ︖       ᠬᠠᠷᠢᠭᠤᠯᠲᠠ᠄ ︽ᠤᠩᠰᠢᠬᠤ ᠪᠢᠴᠢᠭ ᠤᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ ᠥᠩᠭᠡᠷᠡᠭᠰᠡᠨ ᠤ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠰᠤᠷᠭᠠᠭᠤᠯᠢ ᠳᠤ ᠣᠷᠣᠭᠤᠯᠬᠤ ᠶᠠᠪᠤᠴᠠ ᠳᠤ ᠪᠣᠶ ᠪᠣᠯᠤᠭᠰᠠᠨ ᠡᠮᠬᠢ ᠵᠠᠮᠪᠠᠷᠠᠭ᠎ᠠ ᠥᠬᠡᠶ ᠪᠠᠶᠢᠳᠠᠯ ᠢ ᠵᠠᠰᠠᠬᠤ ᠪᠠᠷ ᠪᠠᠷᠠᠬᠤ ᠥᠬᠡᠶ᠂ ᠪᠠᠰᠠ ᠴᠢᠨᠠᠷᠯᠢᠭ ᠤᠩᠰᠢᠬᠤ ᠪᠢᠴᠢᠭ ᠢ ᠰᠤᠷᠭᠠᠭᠤᠯᠢ ᠳᠤ ᠣᠷᠣᠭᠤᠯᠬᠤ ᠶᠢ ᠵᠣᠷᠢᠭᠵᠢᠭᠤᠯᠵᠤ᠂ ᠰᠤᠷᠭᠠᠭᠤᠯᠢ ᠳᠤ ᠰᠠᠶᠢᠨ ᠰᠠᠶᠢᠬᠠᠨ ᠨᠣᠮ ᠤᠩᠰᠢᠬᠤ ᠠᠭᠤᠷ ᠠᠮᠢᠰᠬᠤᠯ ᠢ ᠪᠣᠶ ᠪᠣᠯᠭᠠᠵᠤ᠂ ᠰᠠᠶᠢᠨ ᠠᠷᠭ᠎ᠠ ᠪᠠᠷ ᠰᠠᠶᠢᠬᠠᠨ ᠵᠠᠰᠠᠬᠤ ᠬᠠᠷᠠᠯᠲᠠ ᠳᠤ ᠬᠦᠷᠭᠡᠨ᠎ᠡ᠃ ᠡᠭᠦᠨ ᠳᠤ ᠭᠤᠣᠯᠳᠠᠭᠤ ᠳᠣᠣᠷᠠᠬᠢ ᠭᠤᠷᠪᠠᠨ ᠲᠠᠯ᠎ᠠ ᠪᠤᠢ᠃        ᠨᠢᠭᠡ ᠳᠤ᠂ ᠶᠣᠰᠣ ᠳᠦᠷᠢᠮ ᠢ ᠲᠣᠭᠲᠠᠭᠠᠨ᠎ᠠ᠃ ᠰᠤᠷᠭᠠᠭᠤᠯᠢ ᠳᠠᠬᠢ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠲᠤ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠰᠤᠷᠭᠠᠭᠤᠯᠢ ᠳᠠᠬᠢ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠤᠨ ᠬᠦᠷᠢᠶ᠎ᠡ ᠬᠡᠪᠴᠢᠶ᠎ᠡ᠂ ᠵᠠᠷᠴᠢᠮ᠂ ᠲᠠᠨᠢᠯᠴᠠᠭᠤᠯᠬᠤ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠵᠥᠪ ᠲᠠᠯ᠎ᠠ ᠪᠠ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠭᠠᠷᠭᠠᠵᠤ ᠵᠢᠷᠤᠮᠵᠢᠭᠤᠯᠤᠨ ᠬᠥᠲᠥᠯᠥᠨ ᠵᠢᠯᠣᠭᠤᠳᠤᠨ᠎ᠠ︔ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠬᠤᠳᠠᠯᠳᠤᠨ ᠠᠪᠬᠤ ᠵᠠᠷᠴᠢᠮ᠂ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠪᠠ ᠬᠠᠷᠢᠭᠤᠴᠠᠯᠭ᠎ᠠ ᠨᠡᠬᠡᠮᠵᠢᠯᠡᠨ ᠰᠢᠢᠳᠪᠦᠷᠢᠯᠡᠬᠦ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃        ᠬᠤᠶᠠᠷ ᠲᠤ᠂ ᠵᠠᠭᠠᠭ ᠳᠣᠭᠲᠠᠭᠠᠨ᠎ᠠ᠃ ᠰᠤᠷᠭᠠᠭᠤᠯᠢ ᠳᠠᠬᠢ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠ ᠲᠠᠨᠢᠯᠴᠠᠭᠤᠯᠬᠤ ᠭᠤᠤᠯ ᠴᠣᠭᠴᠠ ᠶᠢᠨ ᠠᠰᠠᠭᠤᠳᠠᠯ ᠤᠨ ᠲᠣᠭᠤᠷᠢᠨ ᠳᠤ ᠤᠯᠤᠰ᠂ ᠣᠷᠣᠨ ᠨᠤᠲᠤᠭ ᠪᠠ ᠰᠤᠷᠭᠠᠭᠤᠯᠢ ᠶᠢᠨ ᠲᠣᠰ ᠲᠣᠰ ᠡᠭᠦᠷᠭᠡᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠤᠷᠭᠠᠭᠤᠯᠢ ᠳᠠᠬᠢ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠤᠨ ᠲᠠᠨᠢᠯᠴᠠᠭᠤᠯᠬᠤ ᠡᠷᠬᠡ ᠶᠢ ᠰᠤᠷᠭᠠᠭᠤᠯᠢ ᠳᠤ ᠣᠯᠭᠤᠵᠤ᠂ ᠪᠤᠰᠤᠳ ᠠᠷᠭ᠎ᠠ ᠵᠠᠮ ᠢᠶᠠᠷ ᠰᠤᠷᠭᠠᠭᠤᠯᠢ ᠳᠠᠬᠢ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠤᠷᠭᠠᠭᠤᠯᠢ ᠳᠤ ᠬᠦᠷᠲᠡᠯ᠎ᠡ ᠪᠣᠳᠠᠲᠠᠶᠢᠵᠢᠭᠤᠯᠤᠨ᠎ᠠ᠃        ᠭᠤᠷᠪᠠ ᠳᠤ᠂ ᠬᠥᠭᠵᠢᠯᠲᠡ ᠶᠢ ᠠᠬᠢᠭᠤᠯᠤᠨ᠎ᠠ᠃ ᠰᠤᠷᠭᠠᠭᠤᠯᠢ ᠳᠠᠬᠢ ᠬᠢᠴᠢᠶᠡᠯ ᠤᠨ ᠭᠠᠳᠠᠨᠠᠬᠢ ᠤᠩᠰᠢᠬᠤ ᠪᠢᠴᠢᠭ ᠢ ᠬᠡᠷᠬᠢᠨ ᠰᠠᠶᠢᠲᠤᠷ ᠠᠰᠢᠭᠯᠠᠬᠤ ᠠᠰᠠᠭᠤᠳᠠᠯ ᠤᠨ ᠲᠣᠭᠤᠷᠢᠨ ᠳᠤ ᠰᠤᠷᠤᠭᠴᠢᠳ ᠤᠨ ᠨᠣᠮ ᠪᠢᠴᠢᠭ ᠤᠩᠰᠢᠬᠤ ᠳᠤᠷᠠᠲᠠᠶ᠂ ᠨᠣᠮ ᠪᠢᠴᠢᠭ ᠤᠩᠰᠢᠬᠤ ᠳᠤ ᠪᠠᠨ ᠴᠢᠳᠠᠮᠠᠭᠠᠶ ᠪᠣᠯᠬᠤ ᠤᠩᠰᠢᠯᠭ᠎ᠠ ᠶᠢᠨ ᠵᠢᠯᠣᠭᠤᠳᠤᠮᠵᠢ ᠶᠢ ᠶᠡᠭᠡ ᠪᠠᠷ ᠰᠠᠨᠠᠭᠠᠴᠢᠯᠠᠵᠤ᠂ ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠡᠷ ᠪᠦᠯᠢ᠂ ᠰᠤᠷᠭᠠᠭᠤᠯᠢ ᠬᠠᠮᠵᠢᠯᠴᠠᠨ ᠬᠥᠮᠦᠨ ᠢ ᠬᠥᠮᠦᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠤᠩᠰᠢᠯᠭ᠎ᠠ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠬᠢᠴᠢᠶᠡᠯ ᠤᠨ ᠭᠠᠳᠠᠭᠤᠷᠬᠢ ᠤᠩᠰᠢᠬᠤ ᠨᠣᠮ ᠢᠶᠠᠷ ᠰᠤᠷᠤᠭᠴᠢᠳ ᠢ ᠬᠠᠪᠰᠤᠷᠤᠨ ᠬᠠᠷᠠᠭ᠎ᠠ ᠶᠢ ᠨᠢ ᠥᠷᠭᠡᠳᠭᠡᠬᠦ᠂ ᠦᠵᠡᠯ ᠰᠡᠳᠬᠢᠯᠭᠡ ᠶᠢ ᠨᠢ ᠪᠣᠯᠪᠠᠰᠤᠷᠠᠭᠤᠯᠬᠤ᠂ ᠮᠡᠳᠡᠯᠭᠡ ᠶᠢ ᠨᠢ ᠨᠡᠮᠡᠭᠳᠡᠭᠦᠯᠬᠦ᠂ ᠣᠶᠤᠨ ᠤᠬᠠᠭᠠᠨ ᠢ ᠨᠢ ᠰᠡᠩᠬᠡᠷᠡᠭᠦᠯᠬᠦ᠂ ᠰᠠᠶᠢᠨ ᠰᠠᠶᠢᠬᠠᠨ ᠵᠠᠩ ᠴᠢᠨᠠᠷ ᠪᠠ ᠡᠷᠡᠭᠦᠯ ᠴᠢᠭᠢᠷᠠᠭ ᠬᠥᠮᠦᠨ ᠮᠥᠰᠦ ᠶᠢ ᠪᠣᠶ ᠪᠣᠯᠭᠠᠬᠤ ᠵᠡᠷᠭᠡ ᠲᠠᠯ᠎ᠠ ᠶᠢᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃        2 . ᠠᠰᠠᠭᠤᠯᠲᠠ᠄ ︽ᠤᠩᠰᠢᠬᠤ ᠪᠢᠴᠢᠭ ᠤᠨ ᠬᠠᠮᠢᠶᠠᠷᠤᠯᠲᠠ ᠶᠢᠨ ᠠᠷᠭ᠎ᠠ︾ ᠳᠤ ᠭᠤᠣᠯᠳᠠᠭᠤ ᠶᠠᠮᠠᠷ ᠠᠭᠤᠯᠭ᠎ᠠ ᠶᠢ ᠪᠠᠭᠲᠠᠭᠠᠬᠤ ᠪᠣᠢ︖        ᠬᠠᠷᠢᠭᠤᠯᠲᠠ᠄ ᠨᠢᠭᠡ ᠳᠤ᠂ ᠵᠣᠷᠢᠯᠭ᠎ᠠ ᠪᠠ ᠬᠦᠷᠢᠶ᠎ᠡ ᠬᠡᠪᠴᠢᠶ᠎ᠡ᠃ ︽ᠤᠩᠰᠢᠬᠤ ᠪᠢᠴᠢᠭ ᠤᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠭᠰᠠᠨ ᠵᠣᠷᠢᠯᠭ᠎ᠠ ᠪᠠ ᠠᠴᠢ ᠬᠤᠯᠪᠣᠭᠳᠠᠯ ᠢ ᠲᠣᠳᠣᠷᠬᠠᠶᠢᠯᠠᠵᠤ᠂ ᠰᠤᠷᠭᠠᠭᠤᠯᠢ ᠳᠤ ᠣᠷᠣᠭᠤᠯᠬᠤ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠤᠨ ᠬᠦᠷᠢᠶ᠎ᠡ ᠬᠡᠪᠴᠢᠶ᠎ᠡ ᠪᠣᠯ ᠵᠢᠭᠠᠬᠤ ᠮᠠᠲ᠋ᠧᠷᠢᠶᠠᠯ ᠪᠠ ᠵᠢᠭᠠᠨ ᠰᠤᠷᠭᠠᠯᠲᠠ ᠶᠢᠨ ᠬᠠᠪᠰᠤᠷᠤᠮᠵᠢ ᠠᠴᠠ ᠭᠠᠳᠠᠨ᠎ᠠ᠂ ᠰᠤᠷᠭᠠᠭᠤᠯᠢ ᠳᠤ ᠣᠷᠣᠭᠤᠯᠵᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠩᠰᠢᠬᠤ ᠳᠤ ᠵᠣᠷᠢᠭᠤᠯᠤᠭᠰᠠᠨ ᠵᠢᠩᠬᠢᠨᠢ ᠬᠡᠪᠯᠡᠭᠳᠡᠬᠦᠨ ︵ᠲᠣᠭᠠᠴᠢᠯᠠᠭᠰᠠᠨ ᠬᠡᠪᠯᠡᠯ ᠤᠨ ᠪᠦᠲᠦᠭᠡᠭᠳᠡᠬᠦᠨ ᠢ ᠪᠠᠭᠲᠠᠭᠠᠨ᠎ᠠ︶ ᠢᠶᠠᠷ ᠵᠠᠭᠠᠭᠯᠠᠨ ᠲᠣᠭᠲᠠᠭᠠᠪᠠ᠃ ᠬᠤᠶᠠᠷ ᠲᠤ᠂ ᠬᠠᠮᠢᠶᠠᠷᠤᠯᠲᠠ ᠪᠠ ᠡᠭᠦᠷᠭᠡ ᠬᠠᠷᠢᠭᠤᠴᠠᠯᠭ᠎ᠠ᠃ ᠤᠯᠤᠰ᠂ ᠣᠷᠣᠨ ᠨᠤᠲᠤᠭ ᠪᠣᠯᠤᠨ ᠰᠤᠷᠭᠠᠭᠤᠯᠢ ᠶᠢᠨ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠰᠤᠷᠭᠠᠭᠤᠯᠢ ᠳᠤ ᠣᠷᠣᠭᠤᠯᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠵᠢᠴᠢ ᠬᠠᠮᠢᠶᠠᠷᠤᠯᠲᠠ ᠶᠢᠨ ᠵᠠᠭᠠᠭ ᠢ ᠲᠣᠳᠣᠷᠬᠠᠶᠢᠯᠠᠵᠤ᠂ ᠡᠷᠬᠡ ᠬᠠᠷᠢᠭᠤᠴᠠᠯᠭ᠎ᠠ ᠨᠢ ᠲᠣᠳᠣᠷᠬᠠᠶ ᠦᠭᠡᠶ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠰᠤᠷᠭᠠᠭᠤᠯᠢ ᠳᠤ ᠣᠷᠣᠭᠤᠯᠬᠤ ᠬᠤᠯᠪᠤᠭᠳᠠᠬᠤ ᠲᠥᠷᠥ ᠶᠢᠨ ᠪᠣᠳᠣᠯᠭ᠎ᠠ᠂ ᠲᠠᠨᠢᠯᠴᠠᠭᠤᠯᠬᠤ ᠪᠠᠷᠢᠮᠵᠢᠶ᠎ᠠ ᠪᠠ ᠱᠠᠭᠠᠷᠳᠠᠯᠭ᠎ᠠ ᠶᠢ ᠬᠠᠷᠢᠭᠤᠴᠠᠨ ᠲᠣᠭᠲᠠᠭᠠᠵᠤ᠂ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠰᠤᠷᠭᠠᠭᠤᠯᠢ ᠳᠤ ᠣᠷᠣᠭᠤᠯᠬᠤ ᠠᠵᠢᠯ ᠤᠨ ᠪᠥᠬᠦ ᠲᠠᠯ᠎ᠠ ᠶᠢᠨ ᠵᠢᠯᠣᠭᠤᠳᠣᠯᠭ᠎ᠠ ᠪᠠ ᠬᠠᠮᠢᠶᠠᠷᠤᠯᠲᠠ ᠶᠢ ᠬᠠᠷᠢᠭᠤᠴᠠᠵᠤ᠂ ᠣᠷᠣᠨ ᠨᠤᠲᠤᠭ ᠬᠤᠲᠠ᠂ ᠰᠢᠶᠠᠨ ᠤ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠤᠷᠭᠠᠭᠤᠯᠢ ᠳᠤ ᠣᠷᠣᠭᠤᠯᠬᠤ ᠬᠢᠨᠠᠯᠲᠠ ᠪᠠᠶᠢᠴᠠᠭᠠᠯᠲᠠ ᠶᠢ ᠬᠠᠷᠢᠭᠤᠴᠠᠵᠤ᠂ ᠳᠤᠮᠳᠠᠳᠤ ᠪᠠᠭ᠎ᠠ ᠰᠤᠷᠭᠠᠭᠤᠯᠢ ᠲᠠᠨᠢᠯᠴᠠᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃        ᠭᠤᠷᠪᠠ ᠳᠤ᠂ ᠴᠢᠨᠠᠷ ᠴᠢᠨᠰᠠᠭ᠎ᠠ ᠪᠠ ᠱᠠᠭᠠᠷᠳᠠᠯᠭ᠎ᠠ᠃ ᠬᠠᠨᠳᠤᠯᠭᠠᠲᠤ ᠴᠢᠨᠠᠷ᠂ ᠪᠥᠬᠦ ᠲᠠᠯᠠᠲᠤ ᠴᠢᠨᠠᠷ᠂ ᠲᠣᠬᠢᠷᠠᠮᠵᠢᠲᠤ ᠴᠢᠨᠠᠷ᠂ ᠣᠯᠠᠨ ᠶᠠᠩᠵᠤᠲᠤ ᠴᠢᠨᠠᠷ ᠪᠠ ᠵᠣᠬᠢᠰᠲᠤ ᠴᠢᠨᠠᠷ ᠢ ᠪᠠᠷᠢᠮᠲᠠᠯᠠᠵᠤ ᠲᠠᠨᠢᠯᠴᠠᠭᠤᠯᠬᠤ ᠵᠠᠷᠴᠢᠮ ᠪᠠ ᠱᠠᠭᠠᠷᠳᠠᠯᠭ᠎ᠠ ᠨᠢ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠢᠳᠡᠪᠬᠢᠲᠡᠶ᠂ ᠤᠩᠰᠢᠭᠤᠷᠢᠲᠤ ᠴᠢᠨᠠᠷ ᠢᠶᠠᠷ ᠴᠢᠩᠭ᠎ᠠ ᠪᠠ ᠣᠶᠤᠨ ᠪᠢᠯᠢᠭ ᠢ ᠰᠡᠩᠬᠡᠷᠡᠭᠦᠯᠵᠦ ᠣᠶᠤᠨ ᠤᠬᠠᠭᠠᠨ ᠢ ᠨᠡᠮᠡᠭᠳᠡᠭᠦᠯᠬᠦ ᠲᠠᠨᠢᠯᠴᠠᠭᠤᠯᠬᠤ ᠪᠠᠷᠢᠮᠵᠢᠶ᠎ᠠ ᠳᠤ ᠨᠡᠶᠢᠴᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠪᠣᠯᠭᠠᠨ ᠲᠠᠨᠢᠯᠴᠠᠭᠤᠯᠬᠤ ᠪᠤᠶᠤ ᠰᠣᠩᠭᠤᠨ ᠬᠡᠷᠡᠭᠯᠡᠵᠦ ᠥᠯᠥ ᠪᠣᠯᠬᠤ 12 ᠵᠤᠷᠪᠤᠰ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠵᠢᠭᠰᠠᠭᠠᠨ ᠭᠠᠷᠭᠠᠪᠠ᠃        ᠳᠥᠷᠪᠡ ᠳᠤ᠂ ᠲᠠᠨᠢᠯᠴᠠᠭᠤᠯᠬᠤ ᠪᠡᠶᠡᠴᠢ ᠴᠣᠭᠴᠠ᠂ ᠳᠠᠷᠠᠭᠠᠯᠠᠯ ᠪᠠ ᠵᠢᠯᠣᠭᠤᠳᠤᠮᠵᠢ᠃ ᠰᠤᠷᠭᠠᠭᠤᠯᠢ ᠶᠢᠨ ᠬᠦᠷᠢᠶᠡᠨ ᠤ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠤᠨ ᠲᠠᠨᠢᠯᠴᠠᠭᠤᠯᠬᠤ ᠭᠤᠤᠯ ᠴᠣᠭᠴᠠ ᠪᠠ ᠰᠣᠩᠭᠤᠵᠤ ᠪᠣᠯᠬᠤ ᠲᠠᠨᠢᠯᠴᠠᠭᠤᠯᠬᠤ ᠭᠠᠷᠴᠠᠭ ᠤᠨ ᠬᠡᠪᠴᠢᠶ᠎ᠡ ᠶᠢ ᠲᠣᠳᠣᠷᠬᠠᠶᠢᠯᠠᠵᠤ ᠲᠠᠨᠢᠯᠴᠠᠭᠤᠯᠬᠤ ︽ᠠᠩᠬ᠎ᠠ ᠰᠣᠩᠭᠤᠬᠤ - ᠬᠢᠨᠠᠨ ᠵᠥᠪᠯᠡᠬᠦ - ᠨᠤᠲᠠᠯᠠᠬᠤ - ᠳᠠᠩᠰᠠᠯᠠᠬᠤ︾ ᠲᠠᠰ ᠳᠠᠷᠠᠭᠠᠯᠠᠯ ᠢ ᠲᠣᠭᠲᠠᠭᠠᠪᠠ᠃ ᠡᠭᠦᠨ ᠠᠴᠠ ᠭᠠᠳᠠᠨ᠎ᠠ᠂ ᠬᠥᠭᠵᠢᠭᠡ ᠦᠭᠡᠢ ᠭᠠᠵᠠᠷ ᠣᠷᠣᠨ ᠤ ᠬᠡᠪᠴᠢᠶ᠎ᠡ ᠪᠠᠷ ᠨᠡᠯᠢᠶᠡᠳ ᠪᠠᠭ᠎ᠠ ᠰᠤᠷᠭᠠᠭᠤᠯᠢ ᠶᠢᠨ ᠣᠨᠴᠠᠭᠠᠶ ᠴᠢᠨᠠᠷ ᠢ ᠪᠣᠳᠣᠯᠬᠢᠯᠠᠵᠤ᠂ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠲᠠᠨᠢᠯᠴᠠᠭᠤᠯᠵᠤ ᠪᠣᠯᠤᠨ᠎ᠠ ᠭᠡᠵᠦ ᠲᠣᠳᠣᠷᠬᠠᠶ ᠲᠣᠭᠲᠠᠭᠠᠪᠠ᠃        ᠲᠠᠪᠤ ᠳᠤ᠂ ᠬᠤᠳᠠᠯᠳᠤᠨ ᠠᠪᠬᠤ ᠵᠠᠷᠴᠢᠮ ᠪᠠ ᠪᠤᠰᠤᠳ ᠠᠷᠭ᠎ᠠ ᠵᠠᠮ ᠤᠨ ᠬᠠᠮᠢᠶᠠᠷᠤᠯᠲᠠ᠃ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠰᠠᠶᠢᠨ ᠳᠤᠷ᠎ᠠ ᠠᠴᠠ ᠪᠠᠨ ᠬᠤᠳᠠᠯᠳᠤᠨ ᠠᠪᠬᠤ ᠵᠠᠷᠴᠢᠮ ᠢ ᠪᠠᠷᠢᠮᠲᠠᠯᠠᠨ᠂ ᠰᠤᠷᠭᠠᠭᠤᠯᠢ ᠳᠠᠬᠢ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠪᠣᠷᠣᠯᠠᠭᠤᠯᠬᠤ ᠦᠢᠯᠡ ᠠᠵᠢᠯᠯᠠᠭ᠎ᠠ ᠶᠢ ᠳᠦᠷᠢᠮᠵᠢᠭᠦᠯᠵᠦ᠂ ᠰᠤᠷᠭᠠᠭᠤᠯᠢ ᠶᠢᠨ ᠨᠣᠮ ᠤᠨ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠳᠤ ᠱᠠᠭᠠᠷᠳᠠᠯᠭ᠎ᠠ ᠳᠤᠷᠠᠳᠴᠤ᠂ ᠬᠦᠷᠭᠡᠭᠰᠡᠨ ᠤᠩᠰᠢᠬᠤ ᠪᠢᠴᠢᠭ ᠢ ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠬᠤ ᠶᠢ ᠴᠢᠬᠤᠯᠠᠴᠢᠯᠠᠪᠠ᠃        ᠵᠢᠷᠭᠤᠭ᠎ᠠ ᠳᠤ᠂ ᠬᠢᠨᠠᠯᠲᠠ ᠲᠠᠯᠪᠢᠵᠤ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠨ ᠰᠢᠢᠳᠪᠦᠷᠢᠯᠡᠬᠦ᠃ ᠰᠤᠷᠤᠭᠴᠢᠳ ᠰᠤᠷᠭᠠᠭᠤᠯᠢ ᠳᠤ ᠠᠪᠴᠢᠷᠠᠨ ᠤᠩᠰᠢᠬᠤ ᠪᠢᠴᠢᠭ ᠤᠨ ᠬᠢᠨᠠᠯᠲᠠ ᠬᠠᠮᠢᠶᠠᠷᠤᠯᠲᠠ ᠶᠢ ᠲᠣᠳᠣᠷᠬᠠᠶᠢᠯᠠᠵᠤ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠪᠠᠲᠤᠳᠬᠠᠪᠠ᠃ ᠬᠠᠷᠢᠭᠤᠴᠠᠯᠭ᠎ᠠ ᠨᠡᠬᠡᠮᠵᠢᠯᠡᠨ ᠰᠢᠢᠳᠪᠦᠷᠢᠯᠡᠬᠦ ᠨᠠᠷᠢᠨ ᠳᠠᠩᠰᠠ ᠶᠢ ᠵᠢᠭᠰᠠᠭᠠᠵᠤ᠂ ᠠᠰᠢᠭ ᠲᠤᠰᠠ ᠶᠢᠨ ᠬᠦᠷᠭᠡᠯᠲᠡ ᠡᠭᠦᠰᠬᠦ ᠶᠢ ᠰᠡᠷᠭᠡᠶᠢᠯᠡᠨ᠂ ᠤᠩᠰᠢᠬᠤ ᠪᠢᠴᠢᠭ ᠤᠨ ᠲᠠᠨᠢᠯᠴᠠᠭᠤᠯᠭ᠎ᠠ ᠨᠢ ᠠᠷᠢᠭᠤᠨ ᠴᠢᠬᠡᠴᠢ ᠪᠠᠷ ᠵᠠᠰᠠᠭ ᠪᠠᠷᠢᠬᠤ ᠳᠤ ᠲᠦᠭᠰᠢᠭᠦᠷᠢ ᠪᠣᠯᠬᠤ ᠠᠴᠠ ᠰᠡᠷᠭᠡᠶᠢᠯᠡᠨ᠎ᠡ᠃        3 . ᠠᠰᠠᠭᠤᠯᠲᠠ᠄ ︽ᠤᠩᠰᠢᠬᠤ ᠪᠢᠴᠢᠭ ᠤᠨ ᠬᠠᠮᠢᠶᠠᠷᠤᠯᠲᠠ ᠶᠢᠨ ᠠᠷᠭ᠎ᠠ︾ ᠳᠤ ᠶᠠᠮᠠᠷ ᠶᠠᠮᠠᠷ ᠪᠠᠶᠢᠳᠠᠯ ᠲᠠᠢ ᠤᠩᠰᠢᠬᠤ ᠪᠢᠴᠢᠭ ᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢᠶᠠᠷ ᠲᠠᠨᠢᠯᠴᠠᠭᠤᠯᠬᠤ ᠪᠤᠶᠤ ᠰᠣᠩᠭᠤᠨ ᠬᠡᠷᠡᠭᠯᠡᠵᠦ ᠪᠣᠯᠬᠤ ᠦᠭᠡᠶ ᠭᠡᠵᠦ ᠲᠣᠭᠲᠠᠭᠠᠭᠰᠠᠨ ᠪᠤᠶ︖        ᠬᠠᠷᠢᠭᠤᠯᠲᠠ᠄ ᠳᠣᠣᠷ᠎ᠠ ᠵᠢᠭᠰᠠᠭᠠᠭᠰᠠᠨ ᠠᠷᠪᠠᠨ ᠬᠤᠶᠠᠷ ᠵᠦᠢᠯ ᠤᠨ ᠪᠠᠶᠢᠳᠠᠯ ᠲᠠᠢ ᠤᠩᠰᠢᠬᠤ ᠪᠢᠴᠢᠭ ᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠪᠣᠯᠭᠠᠨ ᠲᠠᠨᠢᠯᠴᠠᠭᠤᠯᠬᠤ ᠪᠤᠶᠤ ᠰᠣᠩᠭᠤᠨ ᠬᠡᠷᠡᠭᠯᠡᠵᠦ ᠪᠣᠯᠬᠤ ᠦᠭᠡᠢ᠄        ︵ᠨᠢᠭᠡ︶ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠠᠴᠠ ᠵᠥᠷᠢᠴᠡᠵᠦ᠂ ᠨᠠᠮ ᠪᠠ ᠲᠦᠷᠦ ᠶᠢᠨ ᠤᠳᠤᠷᠢᠳᠬᠤ ᠬᠥᠮᠦᠨ᠂ ᠪᠠᠭᠠᠲᠤᠷ ᠵᠢᠱᠢᠶᠡᠴᠢ ᠬᠥᠮᠦᠰ ᠢ ᠭᠦᠳᠬᠡᠨ ᠮᠠᠭᠤᠯᠠᠵᠤ᠂ ᠨᠠᠮ ᠤᠨ ᠲᠡᠦᠬᠡ᠂ ᠤᠯᠤᠰ ᠤᠨ ᠲᠡᠦᠬᠡ᠂ ᠴᠡᠷᠢᠭ ᠤᠨ ᠲᠡᠦᠬᠡ ᠶᠢ ᠱᠣᠭᠯᠠᠨ ᠶᠠᠷᠢᠭᠰᠠᠨ︔        ︵ᠬᠤᠶᠠᠷ︶ ᠤᠯᠤᠰ ᠤᠨ ᠢᠷᠠᠭᠤ ᠠᠯᠳᠠᠷ ᠪᠠ ᠠᠰᠢᠭ ᠲᠤᠰᠠ ᠶᠢ ᠬᠤᠬᠢᠷᠠᠭᠤᠯᠤᠭᠰᠠᠨ᠂ ᠳᠤᠮᠳᠠᠳᠤ ᠤᠯᠤᠰ ᠢ ᠡᠰᠡᠷᠭᠦᠴᠡᠭᠰᠡᠨ᠂ ᠳᠤᠮᠳᠠᠳᠤ ᠤᠯᠤᠰ ᠢ ᠭᠤᠲᠤᠭᠠᠭᠰᠠᠨ᠂ ᠮᠠᠭᠤᠴᠢᠯᠠᠭᠰᠠᠨ ᠠᠭᠤᠯᠭ᠎ᠠ ᠲᠠᠢ ᠪᠠᠶᠢᠬᠤ︔        ︵ᠭᠤᠷᠪᠠ︶ ᠤᠯᠤᠰ ᠤᠨ ᠨᠢᠭᠤᠴᠠ ᠶᠢ ᠵᠠᠳᠠᠷᠠᠭᠤᠯᠵᠤ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ︔        ︵ᠳᠥᠷᠪᠡ︶ ᠤᠯᠤᠰ ᠣᠷᠣᠨ ᠤ ᠨᠢᠭᠡᠳᠦᠯ᠂ ᠡᠷᠬᠡ ᠮᠡᠳᠡᠯ ᠪᠣᠯᠤᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠳᠤ ᠬᠥᠨᠥᠭᠡᠯ ᠤᠴᠠᠷᠠᠭᠤᠯᠤᠭᠰᠠᠨ         ︵ᠲᠠᠪᠤ︶ ᠱᠠᠰᠢᠨ ᠰᠤᠷᠲᠠᠬᠤᠨ ᠤ ᠲᠥᠷᠥ ᠶᠢᠨ ᠪᠤᠳᠤᠯᠭ᠎ᠠ ᠶᠢ ᠵᠥᠷᠢᠴᠡᠭᠰᠡᠨ ᠠᠭᠤᠯᠭ᠎ᠠ ᠣᠷᠣᠰᠢᠵᠤ᠂ ᠱᠠᠰᠢᠨ ᠤ ᠤᠨᠤᠯ᠂ ᠱᠠᠰᠢᠨ ᠶᠣᠰᠤᠯᠠᠯ ᠪᠠ ᠰᠠᠬᠢᠯ ᠰᠠᠨᠸᠠᠷ ᠢ ᠤᠬᠠᠭᠤᠯᠤᠭᠰᠠᠨ︔        ︵ᠵᠢᠷᠭᠤᠭ᠎ᠠ︶ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠵᠥᠷᠢᠴᠡᠭᠰᠡᠨ ᠠᠭᠤᠯᠭ᠎ᠠ ᠣᠷᠣᠰᠢᠵᠤ᠂ ᠦᠨᠳᠦᠰᠦᠲᠡᠨ ᠤ ᠬᠤᠷᠣᠰᠤᠯ᠂ ᠦᠨᠳᠦᠰᠦᠲᠡᠨ ᠤ ᠭᠠᠳᠠᠭᠤᠷᠴᠢᠯᠠᠯ ᠢ ᠥᠳᠥᠭᠡᠵᠦ᠂ ᠦᠨᠳᠦᠰᠦᠲᠡᠨ ᠤ ᠪᠦᠯᠬᠦᠮᠳᠡᠯ ᠢ ᠡᠪᠳᠡᠭᠰᠡᠨ᠂ ᠡᠰᠡᠬᠦᠯ᠎ᠡ ᠦᠨᠳᠦᠰᠦᠲᠡᠨ ᠤ ᠵᠠᠩᠰᠢᠯ᠂ ᠵᠠᠩ ᠳᠠᠳᠬᠠᠯ ᠢ ᠬᠦᠨᠳᠦᠳᠬᠡᠭᠰᠡᠨ ᠦᠭᠡᠢ︔        ︵ᠲᠤᠯᠤᠭ᠎ᠠ︶ ᠬᠤᠪᠢᠨᠴᠢᠷ ᠦᠵᠡᠯ᠂ ᠰᠢᠨ᠎ᠡ ᠳᠤᠷ᠎ᠠ ᠵᠣᠷᠢᠭ ᠤᠨ ᠦᠵᠡᠯ᠂ ᠲᠡᠦᠬᠡ ᠶᠢ ᠦᠭᠡᠶᠢᠰᠬᠡᠬᠦ ᠦᠵᠡᠯ ᠵᠡᠷᠭᠡ ᠪᠤᠷᠤᠭᠤ ᠦᠵᠡᠯᠲᠡ ᠶᠢ ᠤᠬᠠᠭᠤᠯᠵᠤ᠂ ᠬᠠᠷᠢ ᠶᠢ ᠪᠢᠰᠢᠷᠡᠨ ᠭᠠᠳᠠᠭᠠᠳᠤ ᠶᠢ ᠪᠢᠯᠳᠠᠤᠴᠢᠯᠠᠬᠤ ᠦᠵᠡᠯ ᠰᠠᠨᠠᠭᠠᠨ ᠤ ᠬᠡᠯᠪᠡᠷᠢᠯ ᠣᠷᠣᠰᠢᠵᠤ ᠪᠠᠶᠢᠬᠤ︔        ︵ᠨᠠᠢᠮᠠ︶ ᠪᠣᠯᠬᠢ ᠪᠦᠳᠦᠭᠦᠯᠢᠭ ᠵᠡᠷᠭᠡ ᠡᠷᠡᠭᠦᠯ ᠪᠣᠰᠤ ᠬᠡᠯᠪᠡᠷᠢᠯ ᠣᠷᠣᠰᠢᠵᠤ᠂ ᠬᠡᠪ ᠠᠶᠠᠰ ᠳᠤᠤᠷ᠎ᠠ᠂ ᠦᠵᠡᠯ ᠰᠠᠨᠠᠭ᠎ᠠ ᠡᠷᠡᠭᠦᠯ ᠪᠤᠰᠤ᠂ ᠪᠠᠶᠢᠭᠠᠯᠢ ᠠᠴᠠ ᠳᠠᠪᠠᠭᠰᠠᠨ ᠬᠦᠴᠦᠨ᠂ ᠨᠢᠭᠤᠴᠠ ᠳᠠᠯᠳᠠ ᠶᠢᠨ ᠦᠵᠡᠯ ᠪᠣᠯᠤᠨ ᠴᠢᠳᠬᠦᠷ ᠰᠠᠬᠢᠭᠤᠯᠰᠤᠨ ᠮᠤᠬᠤᠷ ᠪᠢᠰᠢᠷᠡᠯ ᠢ ᠤᠬᠠᠭᠤᠯᠵᠤ᠂ ᠵᠠᠪᠬᠠᠶ᠂ ᠱᠠᠯᠢᠭ᠂ ᠬᠦᠴᠦᠷᠬᠡᠭᠯᠡᠯ᠂ ᠭᠠᠵᠢᠭᠤ ᠨᠣᠮᠯᠠᠯ᠂ ᠵᠣᠭᠤᠰ ᠮᠥᠷᠦ᠋ᠢᠴᠡᠬᠦ᠂ ᠬᠤᠤᠷᠳᠦ ᠡᠳ᠋ ᠫᠠᠨᠽᠠᠯᠠᠬᠤ᠂ ᠪᠡᠶ᠎ᠡ ᠪᠠᠨ ᠬᠤᠤᠷᠯᠠᠬᠤ ᠶᠢ ᠥᠳᠦᠭᠡᠬᠦ᠂ ᠵᠢᠭᠠᠨ ᠳᠣᠬᠢᠵᠤ ᠶᠠᠯ᠎ᠠ ᠬᠢᠯᠭᠡᠬᠦ ᠵᠡᠷᠭᠡ ᠠᠰᠠᠭᠤᠳᠠᠯ ᠣᠷᠣᠰᠢᠵᠤ ᠪᠠᠶᠢᠬᠤ︔        ︵ᠶᠢᠰᠦ︶ ᠪᠤᠰᠤᠳ ᠢ ᠭᠤᠲᠤᠭᠠᠬᠤ ᠪᠤᠶᠤ ᠭᠦᠳᠬᠡᠵᠦ᠂ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ︔        ︵ᠠᠷᠪᠠ︶ ᠰᠢᠨᠵᠢᠯᠡᠬᠦ ᠤᠬᠠᠭᠠᠨᠴᠢ ᠴᠢᠨᠠᠷ ᠤᠨ ᠠᠯᠳᠠᠭ᠎ᠠ ᠣᠷᠣᠰᠢᠵᠤ ᠪᠠᠶᠢᠬᠤ︔        ︵ᠠᠷᠪᠠᠨ ᠨᠢᠭᠡ︶ ᠲᠣᠭᠲᠠᠭᠠᠯ ᠠᠴᠠ ᠵᠥᠷᠢᠴᠡᠨ ᠬᠤᠳᠠᠯᠳᠤᠭᠠᠨ ᠤ ᠵᠠᠷ ᠪᠤᠶᠤ ᠬᠡᠯᠪᠡᠷᠢ ᠶᠢ ᠨᠢ ᠥᠭᠡᠷᠡᠳᠦᠭᠦᠯᠦᠭᠰᠡᠨ ᠬᠤᠳᠠᠯᠳᠤᠭᠠᠨ ᠤ ᠵᠠᠷ ᠵᠢᠴᠢ ᠵᠣᠬᠢᠰ ᠦᠭᠡᠶ ᠴᠥᠷᠬᠡᠯᠡᠭᠡ ᠣᠷᠣᠰᠢᠵᠤ ᠪᠠᠶᠢᠬᠤ᠂ ᠲᠣᠭᠲᠠᠭᠠᠯ ᠠᠴᠠ ᠵᠥᠷᠢᠴᠡᠨ ︽ᠰᠤᠷᠭᠠᠨ ᠬᠥᠮᠦᠵᠢᠯ ᠤᠨ ᠶᠠᠮᠤᠨ ᠤ ᠲᠠᠨᠢᠯᠴᠠᠭᠤᠯᠭ᠎ᠠ︾᠂ ︽ᠰᠢᠨ᠎ᠡ ᠬᠢᠴᠢᠶᠡᠯ ᠤᠨ ᠪᠠᠷᠢᠮᠵᠢᠶ᠎ᠠ ᠲᠣᠭᠲᠠᠭᠠᠬᠤ︾ ᠵᠡᠷᠭᠡ ᠦᠰᠦᠭ ᠢ ᠬᠡᠷᠡᠭᠯᠡᠭᠰᠡᠨ︔        ︵ᠠᠷᠪᠠᠨ ᠬᠤᠶᠠᠷ︶ ᠪᠤᠰᠤᠳ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ᠂ ᠶᠣᠰᠣ ᠮᠣᠷᠠᠯ ᠤᠨ ᠪᠠᠷᠢᠮᠵᠢᠶ᠎ᠠ᠂ ᠬᠠᠤᠯᠢ ᠴᠠᠭᠠᠵᠠ ᠬᠠᠤᠯᠢ ᠳᠦᠷᠢᠮ ᠵᠡᠷᠭᠡ ᠶᠢ ᠵᠥᠷᠢᠴᠡᠵᠦ᠂ ᠨᠡᠶᠢᠭᠡᠮ ᠳᠤ ᠮᠠᠭᠤ ᠨᠥᠯᠥᠭᠡ ᠦᠵᠡᠭᠦᠯᠦᠭᠰᠡᠨ᠃        4 . ᠠᠰᠠᠭᠤᠯᠲᠠ᠄ ᠰᠤᠷᠭᠠᠭᠤᠯᠢ ᠠᠴᠠ ᠲᠣᠰ ᠰᠤᠷᠭᠠᠭᠤᠯᠢ ᠶᠢᠨ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠰᠢᠯᠢᠨ ᠰᠣᠩᠭᠤᠬᠤ᠂ ᠬᠢᠨᠠᠨ ᠪᠠᠶᠢᠴᠠᠭᠠᠬᠤ ᠵᠢᠴᠢ ᠲᠠᠨᠢᠯᠴᠠᠭᠤᠯᠬᠤ ᠠᠯᠬᠤᠮ ᠳᠠᠷᠠᠭ᠎ᠠ ᠨᠢ ᠶᠠᠭᠤ ᠪᠣᠢ︖        ᠬᠠᠷᠢᠭᠤᠯᠲᠠ᠄ ︽ᠤᠩᠰᠢᠬᠤ ᠪᠢᠴᠢᠭ ᠤᠨ ᠬᠠᠮᠢᠶᠠᠷᠤᠯᠲᠠ ᠶᠢᠨ ᠠᠷᠭ᠎ᠠ︾ ᠳᠤ᠂ ᠰᠤᠷᠭᠠᠭᠤᠯᠢ ᠪᠣᠯ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠲᠠᠨᠢᠯᠴᠠᠭᠤᠯᠬᠤ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠰᠢᠯᠢᠨ ᠰᠣᠩᠭᠤᠬᠤ᠂ ᠬᠢᠨᠠᠨ ᠪᠠᠶᠢᠴᠠᠭᠠᠬᠤ ᠠᠵᠢᠯ ᠢ ᠪᠣᠳᠠᠲᠠᠶ ᠬᠠᠷᠢᠭᠤᠴᠠᠨ᠎ᠠ᠃ ᠰᠤᠷᠭᠠᠭᠤᠯᠢ ᠳᠠᠬᠢ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠵᠠᠷᠴᠢᠮ ᠳᠡᠭᠡᠷ᠎ᠡ ᠪᠠᠨ ᠰᠤᠷᠤᠯᠭ᠎ᠠ ᠶᠢᠨ ᠵᠢᠯ ᠪᠦᠷᠢ ᠳᠤ ᠨᠢᠭᠡ ᠤᠳᠠᠭ᠎ᠠ ᠲᠠᠨᠢᠯᠴᠠᠭᠤᠯᠤᠨ᠎ᠠ᠃ ᠲᠠᠨᠢᠯᠴᠠᠭᠤᠯᠬᠤ ᠳᠤ ᠠᠩᠬ᠎ᠠ ᠰᠣᠩᠭᠤᠬᠤ᠂ ᠦᠨᠡᠯᠡᠬᠦ᠂ ᠨᠤᠲᠠᠯᠠᠬᠤ᠂ ᠳᠠᠩᠰᠠᠯᠠᠬᠤ ᠵᠡᠷᠭᠡ ᠭᠤᠭᠴᠤᠭ᠎ᠠ ᠶᠢ ᠪᠠᠭᠲᠠᠭᠠᠨ᠎ᠠ᠃ ᠰᠤᠷᠭᠠᠭᠤᠯᠢ ᠠᠴᠠ ᠬᠠᠮᠢᠶᠠᠷᠤᠯᠲᠠ ᠶᠢᠨ ᠠᠵᠢᠯᠲᠠᠨ᠂ ᠬᠢᠴᠢᠶᠡᠯ ᠤᠨ ᠪᠠᠭᠰᠢ ᠪᠣᠯᠤᠨ ᠨᠣᠮ ᠤᠨ ᠰᠠᠩ ᠤᠨ ᠠᠵᠢᠯᠲᠠᠨ ᠢ ᠵᠣᠬᠢᠶᠠᠨ ᠪᠠᠶᠢᠭᠤᠯᠤᠨ ᠠᠩᠬ᠎ᠠ ᠰᠣᠩᠭᠤᠭᠰᠠᠨ ᠭᠠᠷᠴᠠᠭ ᠢ ᠳᠤᠷᠠᠳᠤᠨ ᠭᠠᠷᠭᠠᠨ᠎ᠠ︔ ᠬᠢᠴᠢᠶᠡᠯ ᠲᠥᠷᠦᠯ ᠤᠨ ᠳᠤᠭᠤᠶᠢᠯᠠᠩ ᠠᠴᠠ ᠬᠠᠷᠢᠭᠤᠴᠠᠨ ᠬᠢᠨᠠᠨ ᠤᠩᠰᠢᠵᠤ᠂ ᠤᠯᠤᠰ ᠠᠴᠠ ᠵᠥᠪᠰᠢᠶᠡᠷᠡᠭᠰᠡᠨ ᠲᠠᠨᠢᠯᠴᠠᠭᠤᠯᠬᠤ ᠭᠠᠷᠴᠠᠭ ᠲᠠᠬᠢ ᠤᠩᠰᠢᠬᠤ ᠪᠢᠴᠢᠭ᠂ ᠲᠣᠬᠢᠷᠠᠬᠤᠶᠢᠴᠠ ᠴᠢᠨᠠᠷ ᠢ ᠭᠤᠣᠯᠳᠠᠯᠭᠠᠲᠠᠢ ᠦᠨᠡᠯᠡᠨ ᠶᠠᠷᠢᠯᠴᠠᠵᠤ᠂ ᠤᠩᠰᠢᠬᠤ ᠪᠢᠴᠢᠭ ᠢ ᠪᠠᠲᠤᠯᠠᠨ ᠲᠠᠨᠢᠯᠴᠠᠭᠤᠯᠬᠤ ᠪᠤᠰᠤᠳ ᠵᠠᠷᠴᠢᠮ᠂ ᠪᠠᠷᠢᠮᠵᠢᠶ᠎ᠠ᠂ ᠱᠠᠭᠠᠷᠳᠠᠯᠭ᠎ᠠ ᠶᠣᠰᠤ ᠪᠠᠷ ᠪᠥᠬᠦ ᠲᠠᠯ᠎ᠠ ᠪᠠᠷ ᠰᠠᠶᠢᠲᠤᠷ ᠠᠳᠬᠤᠵᠤ᠂ ᠦᠨᠡᠯᠡᠨ ᠶᠠᠷᠢᠯᠴᠠᠵᠤ ᠰᠠᠨᠠᠯ ᠢᠶᠠᠨ ᠳᠤᠷᠠᠳᠬᠤ ᠬᠡᠷᠡᠭᠲᠡᠶ︔ ᠰᠤᠷᠭᠠᠭᠤᠯᠢ ᠨᠤᠭᠤᠳ ᠲᠤᠰᠬᠠᠶ ᠳᠤᠭᠤᠶᠢᠯᠠᠩ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠲᠤᠭ᠎ᠠ ᠬᠡᠮᠵᠢᠶ᠎ᠡ ᠪᠠ ᠲᠥᠷᠥᠯ ᠵᠦᠢᠯ ᠢ ᠨᠢᠭᠡᠳᠦᠯᠲᠡᠶ ᠲᠥᠯᠥᠪᠯᠡᠨ᠂ ᠪᠠᠲᠤᠯᠠᠨ ᠲᠠᠨᠢᠯᠴᠠᠭᠤᠯᠤᠭᠰᠠᠨ ᠦᠷ᠎ᠡ ᠳ᠋ᠦᠩ ᠢ ᠨᠤᠲᠠᠯᠠᠨ ᠵᠥᠪᠰᠢᠶᠡᠷᠡᠵᠦ᠂ ᠵᠠᠷᠯᠠᠨ ᠨᠡᠶᠢᠲᠡᠯᠡᠬᠦ ᠶᠢᠨ ᠬᠠᠮᠲᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ ᠬᠥᠭᠵᠢᠭᠡᠳᠦᠶ ᠭᠠᠵᠠᠷ ᠣᠷᠣᠨ ᠤ ᠬᠡᠪᠴᠢᠶ᠎ᠡ ᠪᠠᠷ ᠨᠡᠯᠢᠶᠡᠳ ᠪᠠᠭ᠎ᠠ ᠰᠤᠷᠭᠠᠭᠤᠯᠢ ᠶᠢ ᠪᠣᠯ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠭᠤᠴᠠᠨ ᠲᠠᠨᠢᠯᠴᠠᠭᠤᠯᠵᠤ ᠪᠣᠯᠤᠨ᠎ᠠ᠃        5 . ᠠᠰᠠᠭᠤᠯᠲᠠ᠄ ᠪᠤᠰᠤᠳ ᠠᠷᠭ᠎ᠠ ᠵᠠᠮ ᠢᠶᠠᠷ ᠰᠤᠷᠭᠠᠭᠤᠯᠢ ᠳᠤ ᠣᠷᠣᠭᠤᠯᠬᠤ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠤᠨ ᠬᠠᠮᠢᠶᠠᠷᠤᠯᠲᠠ ᠳᠤ ᠶᠠᠭᠤ ᠪᠠᠶᠢᠬᠤ ᠪᠤᠢ︖        ᠬᠠᠷᠢᠭᠤᠯᠲᠠ᠄ ︽ᠣᠩᠰᠢᠬᠤ ᠪᠢᠴᠢᠭ ᠤᠨ ᠬᠠᠮᠢᠶᠠᠷᠤᠯᠲᠠ ᠶᠢᠨ ᠠᠷᠭ᠎ᠠ︾ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠪᠠᠷ ᠰᠤᠷᠭᠠᠭᠤᠯᠢ ᠶᠢᠨ ᠬᠦᠷᠢᠶᠡᠨ ᠳᠤ ᠲᠠᠶᠢᠯᠤᠮᠵᠢ ᠬᠢᠬᠦ᠂ ᠪᠣᠯᠪᠠᠰᠤᠷᠠᠭᠤᠯᠤᠯ ᠡᠷᠬᠢᠯᠡᠬᠦ ᠵᠡᠷᠭᠡ ᠠᠵᠢᠯᠯᠠᠭ᠎ᠠ ᠪᠠᠷ ᠳᠠᠮᠵᠢᠭᠤᠯᠤᠨ ᠬᠢᠴᠢᠶᠡᠯ ᠤᠨ ᠭᠠᠳᠠᠭᠤᠷᠬᠢ ᠣᠩᠰᠢᠬᠤ ᠪᠢᠴᠢᠭ ᠢ ᠪᠣᠷᠤᠯᠠᠭᠤᠯᠵᠤ ᠪᠣᠯᠬᠤ ᠦᠭᠡᠢ᠃ ᠰᠤᠷᠭᠠᠭᠤᠯᠢ ᠨᠢ ᠰᠤᠷᠭᠠᠭᠤᠯᠢ ᠶᠢᠨ ᠨᠣᠮ ᠤᠨ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠰᠤᠷᠭᠠᠭᠤᠯᠢ ᠶᠢᠨ ᠨᠣᠮ ᠤᠨ ᠳᠡᠯᠭᠡᠭᠦᠷ ᠤᠳ ᠰᠤᠷᠭᠠᠭᠤᠯᠢ ᠳᠤ ᠣᠷᠣᠭᠤᠯᠬᠤ ᠤᠩᠰᠢᠬᠤ ᠪᠢᠴᠢᠭ ᠢ ᠬᠢᠨᠠᠬᠤ ᠲᠣᠭᠲᠠᠴᠠ ᠶᠢ ᠪᠠᠶᠢᠭᠤᠯᠵᠤ᠂ ᠲᠤᠰ ᠠᠷᠭ᠎ᠠ ᠶᠢᠨ ᠵᠠᠷᠴᠢᠮ᠂ ᠪᠠᠷᠢᠮᠵᠢᠶ᠎ᠠ ᠪᠣᠯᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠰᠤᠷᠭᠠᠭᠤᠯᠢ ᠨᠤᠭᠤᠳ ᠪᠡᠯᠡᠭᠯᠡᠵᠦ ᠬᠦᠷᠭᠡᠭᠰᠡᠨ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠤᠨ ᠢᠷᠡᠯᠲᠡ ᠶᠢ ᠲᠣᠳᠣᠷᠬᠠᠶᠢᠯᠠᠵᠤ᠂ ᠰᠤᠷᠭᠠᠭᠤᠯᠢ ᠪᠤᠶᠤ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠵᠤ᠂ ᠥᠷᠲᠡᠭ ᠤᠨ ᠬᠠᠨᠳᠤᠰᠢ ᠪᠣᠯᠤᠨ ᠲᠣᠬᠢᠷᠠᠬᠤᠶᠢᠴᠠ ᠴᠢᠨᠠᠷ ᠤᠨ ᠪᠣᠭᠤᠮᠲᠠ ᠶᠢ ᠠᠳᠬᠤᠬᠤ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃        6 . ᠠᠰᠠᠭᠤᠯᠲᠠ᠄ ︽ᠤᠩᠰᠢᠬᠤ ᠪᠢᠴᠢᠭ ᠤᠨ ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠬᠦ ᠴᠢᠬᠤᠯᠠᠲᠠᠢ ᠪᠠᠶᠢᠳᠠᠯ ᠳᠤ ᠶᠠᠮᠠᠷ ᠶᠠᠮᠠᠷ ᠪᠠᠶᠢᠳᠠᠯ ᠪᠠᠶᠢᠬᠤ ᠪᠣᠢ︖        ᠬᠠᠷᠢᠭᠤᠯᠲᠠ᠄ ᠳᠤᠤᠷ᠎ᠠ ᠵᠢᠭᠰᠠᠭᠠᠭᠰᠠᠨ ᠲᠠᠪᠤᠨ ᠵᠦᠢᠯ ᠤᠨ ᠪᠠᠶᠢᠳᠠᠯ ᠤᠨ ᠨᠢᠭᠡ ᠨᠢ ᠣᠷᠣᠰᠢᠵᠤ ᠪᠠᠶᠢᠪᠠᠯ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠵᠤ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠵᠡᠵᠦ ᠬᠠᠤᠯᠢ ᠲᠣᠭᠲᠠᠭᠠᠯ ᠶᠣᠰᠤ ᠪᠠᠷ ᠰᠢᠢᠳᠪᠦᠷᠢᠯᠡᠨ᠎ᠡ︔ ᠪᠤᠰᠤᠳ ᠰᠠᠬᠢᠯᠭ᠎ᠠ ᠪᠠᠲᠤ ᠪᠤᠶᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠴᠢᠬᠤᠯᠠᠲᠠᠶ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠣᠰᠤ ᠪᠠᠷ ᠵᠣᠬᠢᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠶ᠃        ︵ᠨᠢᠭᠡ︶ ᠰᠤᠷᠭᠠᠭᠤᠯᠢ ᠳᠤ ᠣᠷᠣᠭᠤᠯᠬᠤ ᠬᠢᠴᠢᠶᠡᠯ ᠤᠨ ᠭᠠᠳᠠᠭᠤᠷᠬᠢ ᠨᠣᠮ ᠪᠢᠴᠢᠭ ᠢ ᠲᠣᠭᠲᠠᠭᠠᠭᠰᠠᠨ ᠲᠡᠰ ᠳᠠᠷᠠᠭᠠᠯᠠᠯ ᠤᠨ ᠶᠣᠰᠤ ᠪᠠᠷ ᠵᠣᠬᠢᠶᠠᠨ ᠪᠠᠶᠢᠭᠤᠯᠤᠨ ᠪᠠᠲᠤᠯᠠᠨ ᠲᠠᠨᠢᠯᠴᠠᠭᠤᠯᠤᠭᠰᠠᠨ ᠥᠭᠡᠢ︔        ︵ᠬᠤᠶᠠᠷ︶ ᠰᠤᠷᠭᠠᠭᠤᠯᠢ ᠳᠤ ᠣᠷᠣᠭᠤᠯᠬᠤ ᠬᠢᠴᠢᠶᠡᠯ ᠤᠨ ᠭᠠᠳᠠᠭᠤᠷᠬᠢ ᠨᠣᠮ ᠪᠢᠴᠢᠭ ᠨᠢ ᠲᠤᠰ ᠠᠷᠭ᠎ᠠ ᠶᠢᠨ ᠵᠠᠷᠴᠢᠮ᠂ ᠪᠠᠷᠢᠮᠵᠢᠶ᠎ᠠ᠂ ᠱᠠᠭᠠᠷᠳᠠᠯᠭ᠎ᠠ ᠳᠤ ᠨᠡᠶᠢᠴᠡᠬᠦ ᠥᠭᠡᠢ ᠪᠠᠶᠢᠬᠤ︔        ︵ᠭᠤᠷᠪᠠ︶ ᠰᠤᠷᠤᠭᠴᠢᠳ ᠢ ᠠᠯᠪᠠᠳᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠵᠤ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠬᠤᠳᠠᠯᠳᠤᠨ ᠠᠪᠤᠭᠤᠯᠤᠭᠰᠠᠨ︔         ︵ᠲᠥᠷᠪᠡ︶ ᠨᠠᠶᠢᠳᠠᠯᠭ᠎ᠠ ᠬᠦᠯᠢᠶᠡᠵᠦ᠂ ᠵᠦᠢ ᠶᠣᠰᠣᠨ ᠤ ᠪᠤᠰᠤ ᠠᠰᠢᠭ ᠲᠤᠰᠠ ᠣᠯᠤᠭᠰᠠᠨ︔         ︵ᠲᠠᠪᠤ︶ ᠬᠤᠯᠪᠤᠭᠳᠠᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠠᠵᠢᠯᠲᠠᠳ ᠲᠣᠭᠲᠠᠭᠠᠯ ᠠᠴᠠ ᠵᠥᠷᠢᠴᠡᠨ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠪᠠᠲᠤᠯᠠᠨ ᠲᠠᠨᠢᠯᠴᠠᠭᠤᠯᠬᠤ ᠳᠤ ᠭᠠᠷ ᠳᠦᠷᠦᠭᠰᠡᠨ᠃   
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ