ᠰᠢ ᠶᠢᠨ ᠫᠢᠩ ᠰᠠᠮᠠᠷᠺᠠᠨᠳ᠋ ᠲᠤ ᠬᠥᠷᠴᠠᠢ ᠪᠥᠬᠦᠳᠡ ᠨᠠᠶᠢᠷᠠᠮᠳᠠᠬᠤ ᠦᠽᠪᠧᠺᠰᠲ᠋ᠠᠨ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠳᠠ ᠬᠢᠵᠤ ᠡᠬᠢᠯᠡᠬᠦ ᠶᠢᠨ ᠬᠠᠮᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠲᠦᠷᠦᠭᠦᠴᠤᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠬᠤᠶᠠᠳᠤᠭᠠᠷ ᠤᠳᠠᠭ᠎ᠠ ᠶᠢᠨ ᠬᠤᠷᠠᠯ ᠳᠤ ᠤᠷᠤᠯᠴᠠᠬᠤ ᠪᠤᠯᠤᠨ᠎ᠠ
ᠨᠡᠶᠢᠲᠡᠯᠡᠭᠰᠡᠨ ᠴᠠᠭ᠄
2022/9/15
         ᠲᠤᠬᠠᠢ ᠶᠢᠨ ᠭᠠᠵᠠᠷ ᠤᠨ ᠴᠠᠭ ᠢᠶᠠᠷ 9 ᠰᠠᠷ᠎ᠠ ᠶᠢᠨ 14 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠭᠡᠯ ᠢᠶᠠᠷ ᠰᠠᠮᠠᠷᠺᠠᠨᠳ᠋ ᠲᠤ ᠬᠦᠷᠴᠤ᠂ ᠪᠦᠬᠦᠳᠠ ᠨᠠᠶᠢᠷᠠᠮᠳᠠᠬᠤ ᠦᠽᠪᠧᠺᠰᠲ᠋ᠠᠨ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠤ ᠡᠬᠢᠯᠡᠬᠦ ᠶᠢᠨ ᠬᠠᠮᠲᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠲᠦᠷᠦᠭᠦᠴᠤᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠬᠤᠶᠠᠳᠤᠭᠠᠷ ᠤᠳᠠᠭ᠎ᠠ ᠶᠢᠨ ᠬᠤᠷᠠᠯ ᠳᠤ ᠣᠷᠣᠯᠴᠠᠬᠤ ᠪᠠᠷ ᠪᠤᠢ᠃        ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠠᠯᠢᠪᠦ᠋ᠸᠧᠹ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠦᠸᠧᠯᠦ᠋ᠸᠧᠹ᠂ ᠰᠠᠮᠠᠷᠺᠠᠨᠳ᠋ ᠵᠧᠦ ᠶᠢᠨ ᠳᠠᠷᠤᠭ᠎ᠠ ᠲᠦᠷᠵᠢᠮᠦ᠋ᠸᠧᠹ ᠵᠡᠷᠭᠡ ᠳᠡᠭᠡᠳᠦ ᠳᠡᠰ ᠤᠨ ᠠᠯᠪᠠᠨ ᠲᠤᠰᠢᠶᠠᠯᠲᠠᠨ ᠨᠢᠰᠭᠡᠯ ᠤᠨ ᠪᠠᠭᠤᠳᠠᠯ ᠳᠤ ᠬᠦᠷᠴᠦ ᠬᠠᠯᠠᠭᠤᠨ ᠢᠶᠠᠷ ᠤᠭᠲᠤᠪᠠ᠃        ᠮᠢᠷᠵᠢᠶᠤᠤᠶᠧᠹ ᠨᠢᠰᠭᠡᠯ ᠤᠨ ᠪᠠᠭᠤᠳᠠᠯ ᠳᠤ ᠦᠪᠡᠳᠡᠭᠰᠢ ᠶᠡᠭᠡ ᠶᠣᠰᠣᠯᠠᠯ ᠶᠠᠪᠤᠭᠤᠯᠵᠤ ᠲᠡᠷᠢᠭᠦᠯᠡᠭᠴᠢ ᠰᠢ ᠶᠢᠨ ᠫᠢᠩ ᠢ ᠤᠭᠲᠤᠪᠠ᠃ ᠳᠤᠮᠳᠠᠳᠤ ᠦᠽᠪᠧᠺᠰᠲ᠋ᠠᠨ ᠤ ᠵᠠᠭᠤ ᠰᠢᠬᠠᠮ ᠬᠤᠶᠠᠷ ᠤᠯᠤᠰ ᠤᠨ ᠤᠯᠤᠰ ᠤᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠵᠠᠭᠤᠨ ᠮᠧᠳ᠋ᠷ ᠤᠷᠳᠤ ᠲᠠᠪᠢᠰᠦᠭᠰᠡᠨ ᠬᠡᠪᠢᠰ ᠤᠨ ᠬᠤᠶᠠᠷ ᠲᠠᠯ᠎ᠠ ᠪᠠᠷ ᠶᠣᠰᠣᠯᠠᠯ ᠤᠨ ᠴᠡᠷᠢᠭ ᠰᠦᠷ ᠵᠢᠪᠬᠤᠭ᠎ᠠ ᠲᠠᠢ ᠵᠤᠭᠰᠤᠨ᠎ᠠ᠃ ᠬᠤᠶᠠᠷ ᠤᠯᠤᠰ ᠤᠨ ᠲᠡᠷᠢᠬᠦᠨ ᠦᠽᠪᠧᠺᠰᠲ᠋ᠠᠨ ᠤ ᠦᠨᠳᠦᠰᠦᠲᠡᠨ ᠤ ᠤᠨᠴᠠᠯᠢᠬᠳᠤ ᠶᠣᠰᠣᠯᠠᠯ ᠤᠨ ᠲᠠᠶᠢᠰᠠᠨ ᠳᠤ ᠭᠠᠷᠪᠠ᠃ ᠦᠽᠪᠧᠺᠰᠲ᠋ᠠᠨ ᠤ ᠤᠯᠠᠮᠵᠢᠯᠠᠯᠲᠤ ᠤᠷᠳᠤ ᠪᠦᠷᠢᠶ᠎ᠡ ᠵᠣᠴᠢᠨ ᠤᠭᠲᠤᠬᠤ ᠠᠶ᠎ᠠ ᠶᠢ ᠬᠥᠭᠵᠢᠮᠳᠡᠵᠦ᠂ ᠲᠤᠬᠠᠢ ᠶᠢᠨ ᠭᠠᠵᠠᠷ ᠤᠨ ᠵᠠᠯᠠᠭᠤᠴᠤᠳ ᠦᠨᠳᠦᠰᠦᠲᠡᠨ ᠤ ᠬᠤᠪᠴᠠᠰᠤ ᠵᠠᠰᠠᠯ ᠢᠶᠠᠨ ᠡᠮᠦᠰᠴᠦ᠂ ᠳᠠᠭᠤᠯᠠᠨ ᠪᠥᠵᠢᠭᠯᠡᠵᠦ᠂ ᠪᠠᠶᠠᠷ ᠪᠠᠶᠠᠰᠬᠤᠯᠠᠩᠳᠤ ᠬᠦᠭ ᠠᠶᠢᠵᠠᠮ ᠤᠨ ᠲᠤᠮᠳᠠ ᠬᠠᠮᠤᠭ ᠤᠨ ᠡᠷᠬᠢᠮ ᠬᠦᠨᠳᠦᠲᠦ ᠵᠣᠴᠢᠨ ᠢᠶᠠᠨ ᠤᠭᠲᠤᠪᠠ᠃        ᠰᠢ ᠶᠢᠨ ᠫᠢᠩ ᠪᠢᠴᠢᠭ ᠤᠨ ᠬᠡᠯᠪᠡᠷᠢ ᠪᠠᠷ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠦᠽᠪᠧᠺᠰᠲ᠋ᠠᠨ ᠤ ᠵᠠᠰᠠᠭ ᠤᠨ ᠣᠷᠳᠣᠨ ᠪᠣᠯᠤᠨ ᠠᠷᠠᠳ ᠲᠦᠮᠡᠨ ᠳᠤ ᠴᠢᠩ ᠰᠡᠳᠭᠢᠯ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠰᠢ ᠶᠢᠨ ᠫᠢᠩ᠂ ᠳᠤᠮᠳᠠᠳᠤ ᠦᠽᠪᠧᠺᠰᠲ᠋ᠠᠨ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠮᠢᠩᠭᠠᠨ ᠣᠨ ᠤ ᠲᠡᠦᠬᠡ ᠶᠢᠨ ᠣᠷᠳᠣ ᠠᠶᠠᠨ ᠢ ᠳᠤᠭᠤᠯᠵᠤ᠂ ᠲᠠᠰᠤᠷᠠᠯᠲᠠ ᠥᠬᠡᠶ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠪᠠ᠃ ᠳᠤᠮᠳᠠᠳᠤ ᠦᠽᠪᠧᠺᠰᠲ᠋ᠠᠨ ᠤ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠲᠦᠷᠭᠡᠨ ᠤ ᠵᠠᠮ ᠳᠤ ᠣᠷᠣᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠶ᠋ᠯᠡᠳᠦᠭᠰᠡᠨ ᠢᠶᠠᠷ ᠪᠠᠷᠠᠬᠤ ᠥᠬᠡᠶ ᠪᠠᠰᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠣᠯᠤᠨ ᠬᠥᠭᠵᠢᠯ ᠴᠡᠴᠡᠭᠯᠡᠯ ᠢ ᠬᠦᠴᠦᠲᠡᠶ ᠠᠬᠢᠭᠤᠯᠪᠠ᠃ ᠪᠢ ᠶᠡᠷᠦᠩᠬᠡᠶᠢᠯᠡᠭᠴᠢ ᠮᠢᠷᠵᠢᠶᠤᠤᠶᠧᠹ ᠲᠠᠢ ᠬᠠᠮᠳᠤ ᠬᠤᠶᠠᠷ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠳᠤᠮᠳᠠᠳᠤ ᠦᠽᠪᠧᠺᠰᠲ᠋ᠠᠨ ᠤ ᠬᠠᠷᠢᠯᠴᠠᠭᠠᠨ ᠤ ᠬᠥᠭᠵᠢᠯᠲᠡ ᠶᠢᠨ ᠠᠯᠤᠰ ᠤᠨ ᠲᠦᠰᠦᠪ ᠢ ᠬᠠᠮᠲᠤ ᠪᠠᠷ ᠵᠢᠷᠤᠭᠯᠠᠨ᠎ᠠ᠃ ᠪᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠠᠮᠠᠷᠺᠠᠨᠳ᠋ ᠲᠠᠬᠢ ᠲᠦᠷᠦᠭᠦᠴᠦᠳ ᠤᠨ ᠬᠤᠷᠠᠯ ᠳᠤ ᠣᠷᠣᠯᠴᠠᠵᠤ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ︽ᠱᠠᠩᠬᠠᠢ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠲᠤᠰ ᠵᠣᠬᠢᠶᠠᠨ ᠪᠠᠶᠢᠭᠤᠯᠤᠯᠲᠠ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠶᠢ ᠬᠦᠰᠡᠨ ᠬᠦᠯᠢᠶᠡᠵᠦ ᠪᠠᠶᠢᠨ᠎ᠠ ᠭᠡᠵᠦ ᠵᠢᠭᠠᠵᠤ ᠭᠠᠷᠭᠠᠪᠠ᠃        ᠮᠢᠷᠵᠢᠶᠤᠤᠶᠧᠹ ᠰᠢ ᠶᠢᠨ ᠫᠢᠩ ᠳᠤ ᠪᠠᠷ᠎ᠠ ᠪᠤᠯᠵᠤ ᠨᠢᠰᠭᠡᠯ ᠤᠨ ᠪᠠᠭᠤᠳᠠᠯ ᠤᠨ ᠬᠦᠨᠳᠦᠲᠦ ᠵᠣᠴᠢᠳ ᠤᠨ ᠠᠰᠠᠷ ᠢᠶᠠᠷ ᠥᠩᠭᠡᠷᠡᠪᠡ᠃ ᠡᠯᠧᠺᠳ᠋ᠷᠣᠨ ᠳᠡᠯᠭᠡᠴᠡ ᠳᠡᠭᠡᠷ᠎ᠡ ᠲᠡᠷᠢᠭᠦᠯᠡᠭᠴᠢ ᠰᠢ ᠶᠢᠨ ᠫᠢᠩ ᠤᠨ ᠲᠤᠮᠤ ᠬᠡᠷᠡᠯ ᠵᠢᠷᠤᠭ ᠢᠯᠡᠷᠡᠵᠦ᠂ ᠡᠭᠦᠨ ᠤ ᠬᠠᠮᠲᠤ ᠳᠤᠮᠳᠠᠳᠤ ᠦᠽᠪᠧᠺᠰᠲ᠋ᠠᠨ ᠬᠤᠶᠠᠷ ᠤᠯᠤᠰ ᠤᠨ ᠦᠰᠦᠭ ᠪᠢᠴᠢᠭ ᠢᠶᠠᠷ ᠪᠢᠴᠢᠭᠰᠡᠨ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ ᠡᠷᠬᠢᠮᠳᠡᠨ ᠪᠦᠬᠦᠳᠠ ᠨᠠᠶᠢᠷᠠᠮᠳᠠᠬᠤ ᠦᠽᠪᠧᠺᠰᠲ᠋ᠠᠨ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠤ ᠪᠠᠶᠢᠬᠤ ᠶᠢ ᠪᠠᠶᠠᠷᠯᠠᠨ ᠤᠭᠲᠤᠵᠤ ᠪᠠᠶᠢᠨ᠎ᠠ︾ ᠬᠡᠬᠦ ᠦᠰᠦᠭ ᠤᠳ ᠢᠯᠡᠷᠡᠵᠦ ᠪᠠᠶᠢᠯ᠎ᠠ᠃        ᠰᠢ ᠶᠢᠨ ᠫᠢᠩ ᠪᠣᠯᠤᠨ ᠮᠢᠷᠵᠢᠶᠤᠤᠶᠧᠹ ᠲᠡᠷᠭᠡᠨ ᠳᠤ ᠭᠠᠷᠬᠤ ᠭᠠᠵᠠᠷ ᠲᠤ ᠰᠠᠯᠬᠤ ᠶᠣᠰᠣ ᠭᠦᠢᠴᠡᠳᠭᠡᠵᠦ᠂ ᠮᠠᠷᠭᠠᠰᠢ ᠠᠯᠪᠠᠨ ᠶᠣᠰᠣᠨ ᠤ ᠬᠡᠯᠡᠯᠴᠡᠭᠡ ᠬᠢᠵᠤ ᠳᠤᠮᠳᠠᠳᠤ ᠦᠽᠪᠧᠺᠰᠲ᠋ᠠᠨ ᠤ ᠨᠥᠬᠦᠷᠯᠡᠯ ᠢ ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠬᠤ ᠪᠠᠷ ᠪᠣᠯᠵᠣᠨ ᠲᠣᠭᠲᠠᠪᠠ᠃        ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠸᠠᠩ ᠢ᠂ ᠡᡁᠧ ᠯᠢ ᠹᠧᠩ ᠵᠡᠷᠭᠡ ᠪᠠᠷ᠎ᠠ ᠪᠣᠯᠤᠭᠰᠠᠳ ᠨᠢᠰᠭᠡᠯ ᠢᠶᠠᠷ ᠬᠠᠮᠲᠤ ᠬᠦᠷᠪᠡ᠃        ᠦᠽᠪᠧᠺᠰᠲ᠋ᠠᠨ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠵᠢᠶᠠᠩ ᠶᠠᠨ ᠪᠠᠰᠠ ᠨᠢᠰᠭᠡᠯ ᠤᠨ ᠪᠠᠭᠤᠳᠠᠯ ᠳᠤ ᠬᠦᠷᠴᠦ ᠤᠭᠲᠤᠪᠠ᠃ 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ