ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠠᠵᠢᠯ ᠤᠯᠭᠤᠬᠤ ᠦᠢᠯᠡᠰ ᠪᠣᠰᠬᠠᠬᠤ ᠶᠢ ᠬᠦᠴᠦᠯᠡᠨ ᠳᠡᠮᠵᠢᠬᠦ ᠲᠦᠷᠦ ᠶᠢᠨ ᠪᠣᠳᠣᠯᠭ᠎ᠠ ᠶᠢ ᠪᠠᠶᠢᠷᠢᠯᠠᠭᠤᠯᠵᠤ᠂ ᠠᠵᠢᠯ ᠣᠯᠭᠤᠯᠲᠠ ᠶᠢᠨ ᠣᠷᠣᠨ ᠵᠠᠢ ᠶᠢ | ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠠᠵᠤ ᠠᠬᠤᠢ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ | ᠬᠡᠰᠡᠭ ᠬᠦᠷᠢᠶᠡᠨ ᠤ ᠪᠡᠯᠡᠳᠬᠡᠮᠵᠢ ᠶᠢ ᠰᠢᠨᠡᠳᠬᠡᠨ ᠥᠭᠡᠷᠡᠴᠢᠯᠡᠬᠦ ᠵᠢᠭᠡᠯᠡᠯᠭᠡ ᠳᠤ ᠱᠠᠲᠤ ᠦᠶᠡᠴᠢ ᠴᠢᠨᠠᠷᠲᠠᠢ ᠡᠳ᠋ ᠤᠨ ᠵᠠᠰᠠᠭ ᠤᠨ ᠳᠠᠮ ᠬᠦᠦ ᠥᠭᠬᠦ ᠪᠠ | ᠨᠡᠶᠢᠭᠡᠮ ᠤᠨ ᠦᠢᠯᠡᠴᠢᠯᠡᠭᠡᠨ ᠤ ᠦᠢᠯᠡᠰ ᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠵᠦ᠂ ᠬᠡᠷᠡᠭᠯᠡᠭᠡ ᠶᠢ ᠠᠬᠢᠭᠤᠯᠬᠤ ᠳᠤ ᠭᠤᠣᠯ ᠳᠠᠶᠢᠴᠢᠯᠠᠬᠤ | ᠦᠢᠯᠡᠳᠦᠯ ᠦᠵᠡᠭᠦᠯᠦᠨ᠎ᠡ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠱᠠᠲᠤ ᠦᠶᠡᠴᠢ ᠴᠢᠨᠠᠷᠲᠠᠢ ᠪᠠᠷ ᠳᠡᠮᠵᠢᠬᠦ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠪᠠᠶᠢᠷᠢᠯᠠᠭᠤᠯᠵᠤ | ᠂ ᠠᠵᠤ ᠠᠬᠤᠶᠢᠯᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ᠃ ᠣᠷᠣᠨ | ᠨᠤᠲᠤᠭ ᠤᠨ ᠲᠤᠰᠬᠠᠢ ᠵᠦᠢᠯ ᠤᠨ ᠥᠷᠢ ᠥᠭᠴᠡᠭᠡ ᠶᠢ ᠳ᠋ᠦᠩᠨᠡᠨ ᠦᠯᠡᠳᠡᠭᠡᠬᠦ ᠬᠢᠵᠠᠭᠠᠷ ᠲᠤᠭ᠎ᠠ ᠶᠢ ᠬᠠᠤᠯᠢ ᠶᠣᠰᠣᠭᠠᠷ ᠠᠮᠢᠳᠤᠯᠢᠭᠵᠢᠭᠤᠯᠬᠤ ᠠᠷᠭ᠎ᠠ ᠬᠡᠮᠵᠢᠶ᠎ᠡ ᠶᠢ | ᠲᠣᠭᠲᠠᠭᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠨᠢᠭᠡ ᠯᠡ ᠤᠳᠠᠭ᠎ᠠ ᠳᠤ ᠣᠯᠠᠨ ᠵᠦᠢᠯ ᠢ ᠪᠦᠲᠦᠭᠡᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ | ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 7 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠠᠵᠢᠯ ᠣᠯᠭᠤᠬᠤ ᠦᠢᠯᠡᠰ ᠪᠣᠰᠬᠠᠬᠤ ᠶᠢ ᠬᠦᠴᠦᠯᠡᠨ ᠳᠡᠮᠵᠢᠬᠦ ᠲᠦᠷᠦ ᠶᠢᠨ ᠪᠣᠳᠣᠯᠭ᠎ᠠ ᠶᠢ ᠪᠠᠶᠢᠷᠢᠯᠠᠭᠤᠯᠵᠤ᠂ ᠠᠵᠢᠯ ᠣᠯᠭᠤᠯᠲᠠ ᠶᠢᠨ ᠣᠷᠣᠨ ᠵᠠᠢ ᠶᠢ | ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠠᠵᠤ ᠠᠬᠤᠢ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ︔ ᠬᠡᠰᠡᠭ | ᠬᠦᠷᠢᠶᠡᠨ ᠤ ᠪᠡᠯᠡᠳᠬᠡᠮᠵᠢ ᠶᠢ ᠰᠢᠨᠡᠳᠬᠡᠨ ᠥᠭᠡᠷᠡᠴᠢᠯᠡᠬᠦ ᠵᠢᠭᠡᠯᠡᠯᠭᠡ ᠳᠤ ᠱᠠᠲᠤ ᠦᠶᠡᠴᠢ ᠴᠢᠨᠠᠷᠲᠠᠢ ᠡᠳ᠋ ᠤᠨ ᠵᠠᠰᠠᠭ ᠤᠨ ᠳᠠᠮ ᠬᠦᠦ ᠥᠭᠬᠦ ᠪᠠ ᠨᠡᠶᠢᠭᠡᠮ ᠤᠨ | ᠦᠢᠯᠡᠴᠢᠯᠡᠭᠡᠨ ᠤ ᠦᠢᠯᠡᠰ ᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠵᠦ᠂ ᠬᠡᠷᠡᠭᠯᠡᠭᠡ ᠶᠢ ᠠᠬᠢᠭᠤᠯᠬᠤ ᠳᠤ ᠭᠤᠣᠯ ᠳᠠᠶᠢᠴᠢᠯᠠᠬᠤ ᠦᠢᠯᠡᠳᠦᠯ | ᠦᠵᠡᠭᠦᠯᠦᠨ᠎ᠡ︔ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠱᠠᠲᠤ ᠦᠶᠡᠴᠢ ᠴᠢᠨᠠᠷᠲᠠᠢ ᠳᠡᠮᠵᠢᠬᠦ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ | ᠪᠠᠶᠢᠷᠢᠯᠠᠭᠤᠯᠵᠤ᠂ ᠠᠵᠤ ᠠᠬᠤᠶᠢᠯᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ︔ | ᠣᠷᠣᠨ ᠨᠤᠲᠤᠭ ᠤᠨ ᠲᠤᠰᠬᠠᠢ ᠵᠦᠢᠯ ᠤᠨ ᠥᠷᠢ ᠥᠭᠴᠡᠭᠡ ᠶᠢ ᠳ᠋ᠦᠩᠨᠡᠨ ᠦᠯᠡᠳᠡᠭᠡᠬᠦ ᠬᠢᠵᠠᠭᠠᠷ ᠲᠤᠭ᠎ᠠ ᠶᠢ ᠬᠠᠤᠯᠢ ᠶᠣᠰᠣᠭᠠᠷ ᠠᠮᠢᠳᠤᠯᠢᠭᠵᠢᠭᠤᠯᠬᠤ ᠠᠷᠭ᠎ᠠ | ᠬᠡᠮᠵᠢᠶ᠎ᠡ ᠶᠢ ᠲᠣᠭᠲᠠᠭᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠨᠢᠭᠡ ᠯᠡ ᠤᠳᠠᠭ᠎ᠠ ᠳᠤ ᠣᠯᠠᠨ ᠵᠦᠢᠯ ᠢ ᠪᠦᠲᠦᠭᠡᠬᠦ ᠦᠢᠯᠡᠳᠦᠯ ᠢ ᠨᠠᠩ ᠰᠠᠶᠢᠲᠤᠷ | ᠪᠠᠳᠠᠷᠠᠭᠤᠯᠤᠨ᠎ᠠ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠠᠳᠠᠯ ᠦᠢᠯᠡᠰ ᠴᠣᠭᠴᠠᠯᠠᠬᠤ ᠨᠢ ᠨᠡᠩ | ᠣᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯ ᠣᠯᠭᠤᠯᠲᠠ ᠶᠢ ᠳᠠᠶᠢᠴᠢᠯᠠᠬᠤ ᠶᠢ ᠪᠤᠶ ᠪᠣᠯᠭᠠᠵᠤ᠂ ᠨᠡᠮᠡᠭᠳᠡᠯ ᠢ ᠲᠣᠭᠲᠠᠪᠤᠷᠢᠵᠢᠭᠤᠯᠬᠤ ᠨᠢ ᠭᠤᠣᠯᠳᠠᠭᠤ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢᠨ ᠲᠥᠯᠥᠭᠡ ᠶᠤᠮ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ | ᠲᠤᠭᠤᠰᠢᠯᠠᠭᠤᠯᠵᠤ᠂ ᠣᠷᠣᠨ ᠨᠤᠲᠤᠭ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠣᠯᠭᠤᠬᠤ ᠪᠠ ᠠᠳᠠᠯ ᠦᠢᠯᠡᠰ | ᠴᠣᠭᠴᠠᠯᠠᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠨᠢᠭᠡ ᠳᠤ᠂ ᠠᠵᠢᠯ ᠢ ᠨᠢ ᠦᠯᠡᠳᠡᠭᠡᠬᠦ ᠪᠣᠯᠪᠠᠰᠤᠷᠠᠯ ᠤᠨ ᠨᠥᠬᠦᠪᠦᠷᠢ ᠶᠢ ᠬᠡᠷᠡᠭᠵᠢᠭᠦᠯᠵᠦ ᠪᠠᠶᠢᠭ᠎ᠠ ᠭᠠᠵᠠᠷ | ᠣᠷᠣᠨ ᠳᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠦᠯᠡᠳᠡᠪᠦᠷᠢ ᠶᠢ 24 ᠰᠠᠷ᠎ᠠ ᠪᠠᠶᠢᠭᠰᠠᠨ ᠠᠴᠠ ᠨᠢ 18 ᠰᠠᠷ᠎ᠠ ᠪᠣᠯᠲᠠᠯ᠎ᠠ ᠠᠭᠤᠵᠢᠭᠤ ᠲᠠᠯᠪᠢᠨ᠎ᠠ᠃ | ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠳᠠᠩᠰᠠᠯᠠᠭᠤᠯᠤᠭᠰᠠᠨ ᠠᠵᠢᠯ ᠠᠯᠳᠠᠭᠰᠠᠨ ᠵᠠᠯᠠᠭᠤᠴᠤᠳ ᠢ | ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠳᠤ ᠣᠷᠣᠭᠤᠯᠤᠨ᠎ᠠ᠃ ᠠᠵᠢᠯ ᠠᠯᠳᠠᠭᠰᠠᠳ ᠲᠤ ᠴᠠᠭ ᠲᠤᠬᠠᠢ ᠳᠤ ᠨᠢ ᠠᠵᠢᠯ ᠠᠯᠳᠠᠭᠰᠠᠳ ᠤᠨ ᠳᠠᠭᠠᠳᠬᠠᠯ ᠤᠨ | ᠮᠥᠩᠭᠦ ᠣᠯᠭᠤᠨ᠎ᠠ᠃ | ᠬᠦᠴᠦ ᠶᠠᠪᠤᠭᠴᠢ ᠠᠵᠢᠯᠴᠢᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ ᠪᠠᠷ ᠳᠠᠮᠵᠢᠭᠤᠯᠤᠨ ᠠᠵᠢᠯ ᠤᠨ ᠪᠠᠶᠢᠷᠢ ᠶᠢ ᠨᠢ ᠲᠣᠭᠲᠠᠭᠤᠨ | ᠪᠠᠶᠢᠯᠭᠠᠨ᠎ᠠ᠃ ᠬᠤᠶᠠᠷ ᠲᠤ᠂ ᠲᠠᠪᠴᠠᠩ ᠤᠨ ᠠᠵᠤ ᠠᠬᠤᠢ ᠶᠢᠨ ᠲᠣᠭᠲᠠᠭᠤᠨ ᠠᠵᠢᠯ ᠣᠯᠭᠤᠯᠲᠠ ᠶᠢ ᠳᠡᠮᠵᠢᠨ᠎ᠡ᠃ ᠲᠠᠪᠴᠠᠩ ᠳᠤ ᠲᠦᠰᠢᠭᠯᠡᠨ ᠠᠮᠢᠳᠤᠯᠢᠭ ᠢᠶᠠᠷ | ᠠᠵᠢᠯ ᠣᠯᠣᠭᠰᠠᠨ ᠬᠦᠴᠢᠷᠳᠡᠯ ᠲᠠᠢ ᠬᠥᠮᠥᠰ᠂ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠡᠶᠢᠭᠡᠮ ᠤᠨ | ᠳᠠᠭᠠᠳᠬᠠᠯ ᠤᠨ ᠨᠥᠬᠦᠪᠦᠷᠢ ᠣᠯᠭᠤᠨ᠎ᠠ᠃ ᠲᠤᠰᠬᠠᠢ ᠵᠦᠢᠯ ᠤᠨ ᠵᠢᠭᠡᠯᠡᠯᠭᠡ ᠪᠠᠷ ᠲᠠᠪᠴᠠᠩ ᠤᠨ ᠠᠵᠤ ᠠᠬᠤᠶᠢᠯᠠᠯ ᠢ ᠳᠡᠮᠵᠢᠨ᠎ᠡ᠃ ᠭᠤᠷᠪᠠ ᠳᠤ᠂ ᠠᠳᠠᠯ ᠦᠢᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠠᠪᠤᠭᠴᠢ ᠬᠢᠵᠢᠭ ᠤᠨ ᠪᠠᠶᠢᠳᠠᠯ ᠠᠴᠠ ᠪᠣᠯᠵᠤ ᠬᠦᠴᠢᠷᠳᠡᠯ ᠳᠤ ᠲᠤᠯᠭᠠᠷᠠᠭᠰᠠᠨ ᠪᠠᠶᠢᠪᠠᠯ᠂ ᠲᠥᠯᠥᠬᠦ ᠬᠤᠭᠤᠴᠠᠭ᠎ᠠ ᠶᠢ ᠨᠢ | 1 ᠵᠢᠯ ᠤᠷᠲᠤᠳᠬᠠᠵᠤ ᠪᠣᠯᠣᠨ᠎ᠠ᠃ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠲᠠᠯᠪᠢᠬᠤ ᠠᠩᠬᠠᠨ ᠤ | ᠵᠢᠭᠡᠯᠡᠯᠭᠡ᠂ ᠢᠲᠡᠭᠡᠮᠵᠢᠲᠦ ᠵᠢᠭᠡᠯᠡᠯᠭᠡ᠂ ᠦᠷᠭᠦᠯᠵᠢᠯᠡᠭᠰᠡᠨ ᠵᠢᠭᠡᠯᠡᠯᠭᠡ᠂ ᠳᠤᠮᠳᠠ ᠤᠷᠲᠤ ᠬᠤᠭᠤᠴᠠᠭᠠᠨ ᠤ ᠵᠢᠭᠡᠯᠡᠯᠭᠡ ᠵᠡᠷᠭᠡ ᠶᠢ ᠨᠡᠮᠡᠭᠳᠡᠭᠦᠯᠦᠨ᠎ᠡ᠃ ᠳᠥᠷᠪᠡ ᠳᠤ᠂ | ᠳᠠᠭᠠᠳᠬᠠᠯ ᠤᠨ ᠪᠡᠯᠡ ᠮᠥᠩᠭᠦ ᠵᠡᠷᠭᠡ ᠬᠠᠤᠯᠢ ᠶᠤᠰᠤᠨ ᠤ ᠪᠡᠯᠡ ᠣᠷᠣᠭᠤᠯᠤᠯᠲᠠ ᠂ ᠦᠢᠯᠡᠰ ᠪᠦᠲᠦᠭᠡᠬᠦ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ | ᠵᠣᠷᠢᠭᠵᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠬᠤᠪᠢ ᠣᠷᠣᠭᠤᠯᠤᠭᠴᠢ ᠶᠢᠨ ᠬᠤᠳᠠᠯᠳᠤᠬᠤ ᠶᠢ | ᠬᠢᠵᠠᠭᠠᠷᠯᠠᠬᠤ ᠬᠤᠭᠤᠴᠠᠭ᠎ᠠ ᠶᠢ ᠰᠢᠯᠢᠳᠡᠭᠵᠢᠭᠦᠯᠵᠦ᠂ ᠡᠭᠡᠭᠦᠯᠦᠨ ᠬᠤᠷᠢᠶᠠᠭᠰᠠᠨ ᠪᠡᠯᠡ ᠮᠥᠩᠭᠦ ᠪᠠᠷ ᠲᠠᠬᠢᠨ ᠪᠡᠯᠡ ᠣᠷᠣᠭᠤᠯᠬᠤ ᠳᠤ ᠳᠦᠭᠦᠮ ᠦᠵᠡᠭᠦᠯᠦᠨ᠎ᠡ᠃ | ᠲᠠᠪᠤ ᠳᠤ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠦᠢᠯᠡᠰ ᠪᠣᠰᠬᠠᠬᠤ ᠨᠡᠪᠴᠢᠭᠦᠯᠬᠦ ᠰᠠᠭᠤᠷᠢᠨ ᠵᠡᠷᠭᠡ ᠳᠤ᠂ ᠴᠢᠳᠠᠯ ᠤᠨ ᠬᠢᠷᠢ ᠪᠠᠷ ᠢᠶᠠᠨ ᠲᠠᠯᠠᠪᠤᠷ | ᠭᠠᠷᠭᠠᠵᠤ ᠪᠠᠶᠢᠭᠠᠳ ᠠᠩᠬ᠎ᠠ ᠡᠭᠦᠳᠦᠭᠰᠡᠨ ᠠᠵᠤ ᠠᠬᠤᠶᠢᠯᠠᠯ ᠳᠤ ᠰᠦᠢᠳᠬᠡᠯ ᠥᠯᠥ ᠬᠤᠷᠢᠶᠠᠬᠤ ᠬᠠᠩᠭᠠᠯᠭ᠎ᠠ ᠣᠯᠭᠤᠨ᠎ᠠ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠣᠯ ᠣᠳᠣᠬᠠᠨ ᠤ ᠲᠣᠪᠤᠶᠢᠮ᠎ᠠ ᠵᠥᠷᠢᠴᠡᠯ ᠪᠣᠯᠣᠨ᠎ᠠ᠂ ᠬᠡᠷᠡᠭᠯᠡᠭᠡ ᠪᠣᠯᠣᠨ | ᠪᠡᠯᠡ ᠣᠷᠣᠭᠤᠯᠤᠯᠲᠠ ᠪᠠᠷ ᠬᠡᠷᠡᠭᠴᠡᠭᠡ ᠶᠢ ᠲᠠᠲᠠᠬᠤ ᠪᠠᠷ ᠬᠦᠴᠦᠯᠡᠵᠦ᠂ ᠨᠡᠶᠢᠭᠡᠮ ᠤᠨ ᠪᠡᠯᠡ ᠣᠷᠣᠭᠤᠯᠤᠯᠲᠠ ᠶᠢ ᠠᠬᠢᠭᠤᠯᠵᠤ᠂ ᠪᠡᠯᠡ ᠣᠷᠣᠭᠤᠯᠤᠯᠲᠠ ᠪᠠᠷ | ᠬᠡᠷᠡᠭᠯᠡᠭᠡ ᠶᠢ ᠳᠠᠶᠢᠴᠢᠯᠠᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠭᠤᠷᠠᠢ ᠬᠦᠷᠢᠶᠡᠨ ᠳᠠᠬᠢ ᠪᠡᠯᠡᠳᠬᠡᠮᠵᠢ ᠶᠢ ᠰᠢᠨᠡᠳᠬᠡᠨ ᠥᠭᠡᠷᠡᠴᠢᠯᠡᠬᠦ ᠶᠢ | ᠳᠡᠮᠵᠢᠬᠦ ᠨᠢ ᠨᠥᠭᠡᠴᠡ ᠬᠦᠴᠦᠨ ᠢ ᠨᠡᠮᠡᠭᠳᠡᠭᠦᠯᠦᠨ ᠬᠢᠷᠢ ᠲᠦᠪᠰᠢᠨ ᠢ ᠳᠡᠭᠡᠭᠰᠢᠯᠡᠭᠦᠯᠬᠦ᠂ ᠦᠢᠯᠡᠳᠬᠡᠯ ᠤᠨ ᠦᠢᠯᠡᠰ ᠪᠠ ᠦᠢᠯᠡᠴᠢᠯᠡᠭᠡᠨ ᠤ ᠦᠢᠯᠡᠰ ᠤᠨ ᠪᠣᠳᠠᠲᠤ | ᠬᠡᠷᠡᠭᠴᠡᠭᠡ ᠶᠢ ᠨᠡᠮᠡᠭᠳᠡᠭᠦᠯᠬᠦ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠬᠦ ᠳᠤ ᠠᠰᠢᠭᠲᠠᠢ ᠶᠤᠮ᠃ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠪᠠ ᠳᠠᠳᠤᠯᠭ᠎ᠠ ᠪᠣᠯᠪᠠᠰᠤᠷᠯ ᠤᠨ ᠰᠠᠭᠤᠷᠢᠨ ᠭᠠᠵᠠᠷ᠂ ᠡᠮᠨᠡᠯᠭᠡ ᠶᠢᠨ ᠬᠤᠷᠢᠶ᠎ᠠ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ᠂ | ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ᠂ ᠠᠵᠤ ᠦᠢᠯᠡᠰ ᠤᠨ ᠲᠣᠭᠠᠴᠢᠯᠠᠯᠲᠠ ᠲᠡᠶᠢᠰᠢ ᠬᠡᠯᠪᠡᠷᠢ ᠬᠤᠪᠢᠷᠠᠭᠤᠯᠬᠤ ᠪᠠ ᠳᠤᠮᠳᠠ ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠵᠡᠷᠭᠡ ᠶᠢᠨ ᠪᠡᠯᠡᠳᠬᠡᠮᠵᠢ ᠬᠤᠳᠠᠯᠳᠤᠨ ᠠᠪᠬᠤ ᠪᠠ ᠰᠢᠨᠡᠳᠬᠡᠨ ᠥᠭᠡᠷᠡᠴᠢᠯᠡᠬᠦ ᠲᠠᠯ᠎ᠠ ᠪᠠᠷ | ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠳᠤ ᠱᠠᠲᠤ ᠦᠶᠡᠴᠢ ᠴᠢᠨᠠᠷᠲᠠᠢ ᠵᠣᠷᠢᠭᠵᠢᠭᠤᠯᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠥᠪ ᠤᠨ ᠡᠳ᠋ ᠤᠨ | ᠵᠠᠰᠠᠭ ᠠᠴᠠ 2.5 ᠵᠠᠭᠤᠨ ᠤ ᠴᠡᠭ ᠤᠨ ᠳᠠᠮ ᠬᠦᠦ ᠬᠠᠩᠭᠠᠵᠤ᠂ 2 ᠵᠢᠯ ᠢᠶᠠᠷ ᠬᠢᠵᠠᠭᠠᠷᠯᠠᠨ᠎ᠠ᠃ ᠳᠠᠮ ᠬᠦᠦ ᠮᠥᠩᠭᠦ ᠶᠢᠨ ᠭᠤᠶᠤᠴᠢᠯᠠᠯ ᠢ ᠡᠨᠡ ᠵᠢᠯ ᠤᠨ 12 | ᠳ᠋ᠤᠭᠠᠷ ᠰᠠᠷ᠎ᠠ ᠶᠢᠨ 31 ᠤ ᠡᠳᠦᠷ ᠢᠶᠠᠷ ᠬᠢᠵᠠᠭᠠᠷᠯᠠᠨ᠎ᠠ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠬᠤᠳᠠᠯᠳᠤᠭᠠᠨ ᠤ ᠪᠠᠩᠬᠢ ᠶᠢᠨ ᠢᠵᠢ ᠪᠦᠷᠢᠳᠦᠭᠦᠯᠬᠦ ᠪᠡᠯᠡ | ᠲᠣᠬᠢᠷᠠᠭᠤᠯᠭ᠎ᠠ ᠳᠤ ᠦᠵᠡᠭᠦᠯᠬᠦ ᠳᠡᠮᠵᠢᠯᠭᠡ ᠶᠢ ᠬᠠᠷᠢᠴᠠᠩᠭᠤᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠰᠤᠷᠭᠠᠨ | ᠬᠥᠮᠦᠵᠢᠯ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠪᠠ ᠪᠡᠶ᠎ᠡ ᠴᠢᠭᠢᠷᠠᠭᠵᠢᠭᠤᠯᠬᠤ᠂ ᠨᠠᠰᠤᠵᠢᠯ ᠤᠨ ᠠᠰᠠᠷᠠᠮᠵᠢ ᠪᠠ ᠬᠡᠦᠬᠡᠳ ᠰᠠᠭᠠᠲᠠᠭᠤᠯᠬᠤ᠂ ᠨᠡᠶᠢᠭᠡᠮ | ᠲᠣᠭᠤᠷᠢᠭ ᠪᠠ ᠭᠡᠷ ᠠᠬᠤᠢ ᠶᠢᠨ ᠦᠢᠯᠡᠴᠢᠯᠡᠭᠡ᠂ ᠬᠤᠭᠤᠯᠠ ᠤᠮᠳᠠ ᠣᠷᠣᠨ ᠰᠠᠭᠤᠴᠠ ᠵᠡᠷᠭᠡ ᠠᠵᠢᠯ ᠲᠥᠷᠥᠯ ᠳᠤ ᠦᠵᠡᠭᠦᠯᠬᠦ ᠢᠲᠡᠭᠡᠮᠵᠢᠲᠦ ᠵᠢᠭᠡᠯᠡᠯᠭᠡ ᠶᠢᠨ | ᠳᠡᠮᠵᠢᠯᠭᠡ ᠶᠢ ᠨᠡᠮᠡᠭᠳᠡᠭᠦᠯᠵᠦ᠂ ᠨᠡᠶᠢᠭᠡᠮ ᠤᠨ ᠦᠢᠯᠡᠴᠢᠯᠡᠭᠡᠨ ᠤ ᠬᠦᠷᠢᠶᠡᠨ ᠳᠠᠬᠢ ᠬᠡᠷᠡᠭᠯᠡᠭᠡ ᠪᠠ ᠪᠡᠯᠡ ᠣᠷᠣᠭᠤᠯᠤᠯᠲᠠ ᠶᠢ ᠥᠷᠭᠡᠳᠬᠡᠨ᠎ᠡ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠠᠵᠤ ᠠᠬᠤᠶᠢᠯᠠᠯ ᠪᠣᠯ ᠰᠢᠨ᠎ᠡ ᠶᠢ ᠡᠭᠦᠳᠬᠦ ᠭᠤᠣᠯ ᠴᠣᠭᠴᠠ ᠪᠣᠯᠣᠨ᠎ᠠ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠶᠢ ᠳᠡᠮᠵᠢᠬᠦ ᠱᠠᠲᠤ ᠦᠶᠡᠴᠢ ᠴᠢᠨᠠᠷᠲᠠᠢ ᠭᠠᠶᠢᠯᠢ ᠬᠥᠩᠭᠡᠯᠡᠬᠦ ᠲᠦᠷᠦ ᠶᠢᠨ ᠪᠣᠳᠣᠯᠭ᠎ᠠ ᠶᠢ ᠡᠨᠡ ᠵᠢᠯ ᠤᠨ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ | ᠬᠡᠷᠡᠭᠵᠢᠭᠦᠯᠦᠨ᠎ᠡ᠃ ᠡᠨᠡ ᠨᠢ ᠲᠦᠭᠡᠮᠡᠯ ᠬᠠᠷᠠᠭᠠᠯᠵᠠᠯ ᠲᠠᠢ᠂ ᠡᠷᠬᠡ ᠲᠡᠭᠰᠢ᠂ ᠥᠨᠳᠥᠷ ᠦᠷ᠎ᠡ ᠠᠰᠢᠭ ᠲᠠᠢ᠂ ᠰᠢᠭᠤᠳ ᠬᠦᠷᠲᠡᠭᠡᠮᠵᠢᠲᠡᠢ ᠶᠤᠮ᠃ ᠨᠢᠭᠡ ᠳᠤ᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠡᠨᠡ ᠵᠢᠯ ᠤᠨ ᠳᠥᠷᠪᠡᠳᠦᠭᠡᠷ ᠤᠯᠠᠷᠢᠯ ᠳᠤ ᠬᠤᠳᠠᠯᠳᠤᠨ ᠠᠪᠬᠤ ᠲᠤᠨᠤᠭ ᠲᠥᠬᠦᠭᠡᠷᠦᠮᠵᠢ ᠶᠢᠨ ᠵᠠᠷᠤᠯᠭ᠎ᠠ ᠶᠢ | ᠲᠤᠬᠠᠢ ᠶᠢᠨ ᠵᠢᠯ ᠳᠤ ᠨᠢᠭᠡ ᠯᠡ ᠤᠳᠠᠭ᠎ᠠ ᠶᠢᠨ ᠴᠢᠨᠠᠷᠲᠠᠢ ᠭᠠᠶᠢᠯᠢ ᠲᠤᠰᠢᠶᠠᠬᠤ ᠠᠴᠠ ᠡᠮᠦᠨ᠎ᠡ ᠪᠦᠬᠦ ᠲᠤᠭ᠎ᠠ ᠪᠠᠷ ᠰᠠᠭᠤᠳᠬᠠᠨ ᠠᠪᠬᠤ ᠪᠠ 100% ᠪᠠᠷ ᠨᠡᠮᠡᠨ | ᠪᠤᠳᠤᠵᠤ ᠰᠠᠭᠤᠳᠬᠠᠨ ᠠᠪᠬᠤ ᠶᠢ ᠵᠥᠪᠰᠢᠶᠡᠷᠡᠬᠦ ᠪᠥᠭᠡᠳ ᠣᠷᠣᠨ ᠨᠤᠲᠤᠭ ᠪᠣᠯᠣᠨ ᠲᠥᠪ ᠤᠨ ᠡᠳ᠋ ᠤᠨ ᠵᠠᠰᠠᠭ ᠠᠴᠠ ᠤᠯᠠᠮ ᠨᠢᠭᠡ ᠠᠯᠬᠤᠮ ᠳᠡᠮᠵᠢᠯᠭᠡ | ᠦᠵᠡᠭᠦᠯᠦᠨ᠎ᠡ᠃ ᠬᠤᠶᠠᠷ ᠲᠤ᠂ ᠡᠨᠡ ᠵᠢᠯ ᠤᠨ ᠳᠥᠷᠪᠡᠳᠦᠭᠡᠷ ᠤᠯᠠᠷᠢᠯ ᠳᠤ᠂ ᠤᠳᠤ ᠶᠢᠨ ᠬᠡᠷᠡᠭᠵᠢᠭᠦᠯᠵᠦ ᠪᠠᠶᠢᠭ᠎ᠠ 75% ᠶᠢᠨ ᠬᠠᠷᠢᠴᠠᠯ ᠢᠶᠠᠷ ᠭᠠᠶᠢᠯᠢ | ᠲᠤᠰᠢᠶᠠᠬᠤ ᠠᠴᠠ ᠡᠮᠦᠨ᠎ᠡ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠳᠬᠠᠨ ᠠᠪᠬᠤ ᠠᠵᠢᠯ ᠲᠦᠷᠦᠯ ᠳᠤ ᠰᠠᠭᠤᠳᠬᠠᠨ ᠠᠪᠬᠤ ᠬᠠᠷᠢᠴᠠᠯ ᠢ | 100% ᠬᠦᠷᠲᠡᠯ᠎ᠡ ᠨᠢᠭᠡᠳᠦᠯᠲᠡᠢ ᠳᠡᠭᠡᠭᠰᠢᠯᠡᠭᠦᠯᠵᠦ᠂ ᠲᠤᠨᠤᠭ ᠲᠥᠬᠦᠭᠡᠷᠦᠮᠵᠢ ᠶᠢ ᠥᠭᠡᠷᠡᠴᠢᠯᠡᠬᠦ ᠪᠠ ᠰᠢᠨᠡᠳᠬᠡᠬᠦ ᠶᠢ ᠨᠢ ᠵᠣᠷᠢᠭᠵᠢᠭᠤᠯᠤᠨ᠎ᠠ᠃ ᠭᠤᠷᠪᠠ ᠳᠤ᠂ | ᠠᠵᠤ ᠠᠬᠤᠶᠢᠯᠠᠯ ᠠᠴᠠ ᠪᠡᠯᠡ ᠭᠠᠷᠭᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠰᠠᠭᠤᠷᠢ ᠰᠤᠳᠤᠯᠭᠠᠨ ᠤ ᠵᠠᠷᠤᠯᠭ᠎ᠠ ᠶᠢ ᠭᠠᠶᠢᠯᠢ | ᠲᠤᠰᠢᠶᠠᠬᠤ ᠠᠴᠠ ᠡᠮᠦᠨ᠎ᠡ ᠪᠥᠬᠦᠳᠡ ᠶᠢ ᠰᠠᠭᠤᠳᠬᠠᠨ ᠠᠪᠬᠤ ᠪᠠ ᠨᠡᠮᠡᠨ ᠪᠤᠳᠤᠵᠤ ᠰᠠᠭᠤᠳᠬᠠᠨ ᠠᠪᠬᠤ ᠶᠢ ᠨᠢ ᠵᠥᠪᠰᠢᠶᠡᠷᠡᠨ᠎ᠡ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠰᠠᠭᠤᠷᠢ ᠲᠥᠬᠦᠭᠡᠷᠦᠮᠵᠢ ᠵᠡᠷᠭᠡ ᠨᠢ ᠬᠥᠭᠵᠢᠯᠲᠡ ᠪᠠ ᠠᠷᠠᠳ ᠤᠨ ᠠᠮᠢᠳᠤᠷᠠᠯ ᠳᠤ ᠬᠤᠯᠪᠣᠭᠳᠠᠵᠤ᠂ ᠪᠡᠯᠡ | ᠣᠷᠣᠭᠤᠯᠤᠯᠲᠠ ᠶᠢᠨ ᠣᠷᠣᠨ ᠵᠠᠢ ᠶᠡᠭᠡ ᠪᠣᠯᠬᠤᠷ ᠲᠤᠰᠬᠠᠢ ᠲᠦᠷᠦᠯ ᠤᠨ ᠥᠷᠢ ᠥᠭᠴᠡᠭᠡ ᠶᠢᠨ ᠨᠥᠬᠦᠪᠦᠷᠢ ᠶᠢ ᠦᠷᠭᠦᠯᠵᠢᠯᠡᠨ ᠰᠠᠶᠢᠲᠤᠷ ᠬᠡᠷᠡᠭᠯᠡᠵᠦ | ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ ᠭᠡᠵᠡᠢ᠃ ᠬᠤᠷᠠᠯ ᠠᠴᠠ᠂ ᠣᠷᠣᠨ ᠨᠤᠲᠤᠭ ᠤᠨ 2019 ᠣᠨ ᠠᠴᠠ ᠨᠠᠭᠠᠰᠢᠬᠢ ᠳ᠋ᠦᠩᠨᠡᠨ ᠦᠯᠡᠳᠡᠭᠡᠭᠰᠡᠨ 5000 | ᠭᠠᠷᠤᠢ ᠳ᠋ᠦᠩᠰᠢᠭᠤᠷ ᠲᠥᠭᠦᠷᠢᠭ ᠤᠨ ᠲᠤᠰᠬᠠᠢ ᠲᠦᠷᠦᠯ ᠤᠨ ᠵᠢᠭᠡᠯᠡᠯᠭᠡ ᠶᠢᠨ ᠬᠢᠵᠠᠭᠠᠷ ᠲᠤᠭ᠎ᠠ ᠶᠢ ᠬᠠᠤᠯᠢ ᠶᠣᠰᠣᠭᠠᠷ ᠠᠮᠢᠳᠤᠯᠢᠭ ᠪᠣᠯᠭᠠᠵᠤ᠂ 70% ᠶᠢ ᠨᠢ | ᠡᠯ᠎ᠡ ᠭᠠᠵᠠᠷ ᠤᠳ ᠦᠯᠡᠳᠡᠭᠡᠨ ᠬᠡᠷᠡᠭᠯᠡᠵᠦ᠂ 30% ᠶᠢ ᠨᠢ ᠲᠥᠪ ᠤᠨ ᠡᠳ᠋ ᠤᠨ ᠵᠠᠰᠠᠭ ᠠᠴᠠ ᠨᠢᠭᠡᠳᠦᠯᠲᠡᠢ ᠲᠥᠯᠥᠪᠵᠢᠭᠦᠯᠦᠨ ᠬᠤᠪᠢᠶᠠᠷᠢᠯᠠᠬᠤ ᠶᠢᠨ ᠬᠠᠮᠲᠤ | ᠪᠣᠯᠪᠠᠰᠤᠷᠠᠩᠭᠤᠢ ᠲᠦᠷᠦᠯ ᠵᠦᠢᠯ ᠢᠶᠠᠷ ᠤᠯᠠᠨ ᠪᠠᠶᠢᠬᠤ ᠭᠠᠵᠠᠷ ᠣᠷᠣᠨ ᠲᠡᠶᠢᠰᠢ ᠬᠡᠯᠪᠠᠶᠢᠯᠭᠡᠬᠦ ᠪᠠᠷ ᠲᠣᠭᠲᠠᠭᠠᠪᠠ᠃ ᠡᠯ᠎ᠡ ᠭᠠᠵᠠᠷ ᠤᠳ 10 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠲᠠᠷᠬᠠᠭᠠᠵᠤ ᠳᠠᠭᠤᠰᠬᠠᠨ᠂ ᠪᠠᠶᠢᠭᠤᠯᠵᠤ ᠪᠠᠶᠢᠭ᠎ᠠ ᠲᠥᠷᠥᠯ ᠵᠦᠢᠯ ᠢ ᠤᠷᠢᠳ ᠢᠶᠠᠷ ᠳᠡᠮᠵᠢᠵᠦ᠂ ᠵᠢᠯ ᠤᠨ ᠳᠣᠲᠣᠷ᠎ᠠ ᠨᠠᠩ ᠣᠯᠠᠨ ᠪᠣᠳᠠᠲᠤ | ᠠᠵᠢᠯ ᠤᠨ ᠬᠡᠮᠵᠢᠶ᠎ᠡ ᠶᠢ ᠪᠣᠶ ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ ᠪᠤᠰᠤᠳ ᠵᠦᠢᠯ ᠢ ᠰᠤᠳᠤᠯᠪᠠ᠃ |