ᠤᠷᠠᠳ ᠤᠨ ᠬᠤᠶᠢᠳᠤ ᠬᠤᠰᠢᠭᠤᠨ ᠤ  ᠲᠠᠷᠢᠬᠦᠨ ᠠᠵᠢᠯᠯᠠᠭ᠎ᠠ ᠪᠦᠬᠦ ᠤᠯᠤᠰ ᠤᠨ ᠭᠤᠤᠯ ᠵᠠᠭᠤᠴᠢᠯᠠᠭᠤᠷ ᠤᠨ ᠠᠩᠬᠠᠷᠤᠯ ᠤᠨ ᠲᠦᠪᠯᠡᠷᠡᠯ ᠪᠤᠯᠤᠬᠰᠠᠨ ᠪᠠᠶᠢᠨ᠎ᠠ
ᠨᠡᠶᠢᠲᠡᠯᠡᠭᠰᠡᠨ ᠴᠠᠭ᠄
2022/9/16
         9 ᠰᠠᠷ᠎ᠠ ᠶᠢᠨ 11 ᠤ ᠡᠳᠦᠷ᠂ ᠰᠢᠨᠬᠤᠸᠠ ᠬᠤᠷᠢᠶᠠᠨ ᠤ  ᠵᠠᠭᠤᠴᠢᠯᠠᠭᠤᠷ ᠂ ᠤᠷᠠᠳ ᠤᠨ ᠬᠤᠶᠢᠲᠤ ᠬᠤᠰᠢᠭᠤᠨ ᠤ ᠦᠨᠳᠦᠰᠦᠲᠡᠨ ᠨᠦᠭᠦᠳ ᠤᠨ ᠮᠠᠯᠴᠢᠳ  ᠤᠨ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠭᠰᠠᠨ ᠪᠣᠳᠠᠲᠤ ᠠᠵᠢᠯᠯᠠᠭ᠎ᠠ ᠶᠢ  ᠲᠤᠭᠤᠷᠪᠢᠨ ᠨᠠᠶᠢᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠪᠠᠶᠠᠷᠯᠠᠨ ᠤᠭᠲᠤᠪᠠ᠃ ᠵᠣᠬᠢᠶᠠᠯ ᠨᠡᠶᠢᠲᠡᠯᠡᠭᠳᠡᠮᠡᠭᠴᠡ ᠪᠦᠬᠦ ᠤᠯᠤᠰ ᠤᠨ ᠡᠯ᠎ᠡ ᠭᠤᠣᠯ ᠵᠠᠭᠤᠴᠢᠯᠠᠭᠤᠷ ᠤᠨ ᠬᠢᠨ ᠤ ᠠᠩᠬᠠᠷᠤᠯ ᠢ  ᠲᠠᠳᠠᠵᠤ᠂ ᠦᠳᠲᠡᠷ ᠲᠦᠷᠭᠡᠨ ᠢᠶᠠᠷ ᠰᠢᠯᠵᠢᠭᠦᠯᠦᠨ ᠨᠡᠶᠢᠲᠡᠯᠡᠭᠰᠡᠨ ᠪᠠᠶᠢᠨ᠎ᠠ᠃         ᠬᠠᠮᠢᠶ᠎ᠠ ᠪᠦᠬᠦᠢ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 9 ᠰᠠᠷ᠎ᠠ ᠶᠢᠨ 14 ᠤ ᠣᠷᠣᠶ ᠪᠣᠯᠲᠠᠯ᠎ᠠ᠂ ᠲᠤᠰ ᠵᠣᠬᠢᠶᠠᠯ ᠢ ᠪᠦᠬᠦ ᠤᠯᠤᠰ ᠤᠨ 361 ᠵᠠᠭᠤᠴᠢᠯᠠᠭᠤᠷ ᠤᠨ ᠬᠢᠨ ᠨᠡᠶᠢᠲᠡᠯᠡᠵᠦ᠂ ᠰᠢᠨᠬᠤᠸᠠ ᠬᠤᠷᠢᠶᠠᠨ ᠤ ᠡᠳᠦᠷ ᠪᠦᠷᠢ ᠶᠢᠨ ᠴᠠᠬᠢᠯᠭᠠᠨ ᠮᠡᠳᠡᠭᠡ ᠶᠢᠨ  ᠲᠠᠷᠢᠬᠦᠨ ᠵᠤᠷᠪᠤᠰ᠂ ᠰᠢᠨᠬᠤᠸᠠ ᠰᠦᠯᠵᠢᠶ᠎ᠡ᠂ ᠠᠷᠠᠳ ᠤᠨ ᠰᠦᠯᠵᠢᠶ᠎ᠡ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ᠂ ᠤᠯᠤᠰ ᠢᠶᠠᠨ ᠬᠦᠴᠦᠷᠬᠡᠭᠵᠢᠭᠦᠯᠬᠦ  ᠰᠤᠷᠤᠯᠴᠠᠯᠭ᠎ᠠ ᠶᠢᠨ ᠶᠡᠷᠦᠩᠬᠡᠢ ᠲᠠᠪᠴᠠᠩ ᠵᠡᠷᠭᠡ ᠲᠥᠪ ᠤᠨ ᠡᠯ᠎ᠠ ᠵᠠᠭᠤᠴᠢᠯᠠᠭᠤᠷ  ᠲᠤᠰ ᠮᠡᠳᠡᠭᠡ ᠶᠢ ᠰᠢᠯᠵᠢᠭᠦᠯᠦᠨ ᠨᠡᠶᠢᠲᠡᠯᠡᠪᠡ᠃ ᠡᠯ᠎ᠡ ᠮᠤᠵᠢ ᠬᠤᠲᠠ ᠥᠪᠡᠷᠲᠡᠭᠡᠨ ᠵᠠᠰᠠᠬᠤ ᠣᠷᠣᠨ ᠤ ᠡᠳᠦᠷ ᠤᠨ ᠰᠣᠨᠢᠨ ᠤ ᠲᠠᠷᠢᠬᠦᠨ ᠨᠢᠭᠤᠷ ᠲᠠᠷᠢᠬᠦᠨ ᠵᠤᠷᠪᠤᠰ ᠵᠢᠴᠢ ᠥᠪᠥᠷ ᠮᠣᠩᠭᠤᠯ ᠤᠨ ᠡᠳᠦᠷ ᠤᠨ ᠰᠣᠨᠢᠨ ᠤ  ᠲᠠᠷᠢᠬᠦᠨ ᠬᠡᠪᠯᠡᠯ  ᠳᠤ ᠨᠠᠶᠢᠳᠡᠯᠠᠵᠤ᠂ ᠥᠪᠥᠷ ᠮᠣᠩᠭᠤᠯ ᠤᠨ ᠲᠧᠯᠸᠢᠰ ᠬᠤᠷᠢᠶ᠎ᠠ ᠶᠢᠨ  ᠰᠤᠨᠢᠨ ᠮᠡᠳᠡᠭᠡᠨ ᠤ ᠨᠡᠪᠲᠡᠷᠡᠭᠦᠯᠭᠡ ᠶᠢᠨ ᠴᠢᠬᠤᠯᠨ ᠮᠡᠳᠡᠬᠡᠯᠠᠯ ᠪᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠠᠯᠪᠠᠨ ᠤ ᠲᠠᠯ᠎ᠠ ᠶᠢᠨ ᠭᠤᠤᠯ ᠵᠠᠭᠤᠴᠢᠯᠠᠭᠤᠷ  ᠲᠠᠷᠢᠬᠦᠨ ᠵᠤᠷᠪᠤᠰ  ᠳᠤ ᠪᠠᠨ  ᠳᠠᠮᠵᠢᠭᠤᠯᠤᠨ ᠲᠠᠷᠬᠠᠭᠠᠪᠠ᠃          ᠰᠢᠨᠬᠤᠸᠠ ᠬᠤᠷᠢᠶᠠᠨ ᠤ ᠪᠦᠷᠢᠳᠬᠡᠯ ᠳᠤ᠂ 14 ᠤ ᠡᠳᠦᠷ ᠤᠨ 20 ᠴᠠᠭ ᠪᠣᠯᠲᠠᠯ᠎ᠠ᠂ ᠲᠣᠰ  ᠮᠡᠳᠡᠭᠡ ᠵᠠᠩᠭᠢ  ᠶᠢ ᠬᠦᠯᠢᠶᠠᠨ ᠦᠵᠡᠭᠰᠠᠨ ᠰᠢᠨᠬᠤᠸᠠ ᠬᠤᠷᠢᠶᠠᠨ ᠤ ᠬᠡᠷᠡᠭᠯᠡᠭᠴᠢ ᠶᠢᠨ   ᠲᠤᠭ᠎ᠠ ᠨᠢ ᠨᠢᠭᠡᠨᠲᠡ 840 ᠲᠦᠮᠡᠨ ᠤᠳᠠᠭ᠎ᠠ ᠶᠢ ᠳᠠᠪᠠᠭᠰᠠᠨ ᠪᠠᠶᠢᠨ᠎ᠠ᠃          ᠲᠤᠰ ᠮᠡᠳᠡᠭᠡ ᠨᠢ᠂  ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠶᠢᠨ ᠲᠥᠯᠥᠭᠡ ᠲᠤᠭᠤᠷᠪᠢᠬᠰᠠᠨ  ᠤᠨᠴᠠ ᠨᠡᠶᠢᠳᠠᠯᠠᠯ  ᠪᠣᠯᠤᠨ᠎ᠠ᠂   ᠮᠡᠳᠡᠭᠡ  ᠶᠢᠨ ᠡᠬᠢᠨ ᠤ ᠬᠡᠰᠡᠭ ᠲᠤ ᠠᠬᠤᠶ ᠪᠠᠶᠢᠳᠠᠯ ᠢ ᠵᠢᠷᠤᠭᠯᠠᠬᠤ ᠬᠡᠯᠪᠡᠷᠢ ᠪᠠᠷ᠂ ᠤᠷᠠᠳ ᠤᠨ ᠬᠤᠶᠢᠲᠤ ᠬᠤᠰᠢᠭᠤᠨ ᠤ  ᠬᠦᠬᠡᠨ᠋ᠦ᠋ᠠᠳᠤᠷ ᠭᠠᠴᠠᠭ᠎ᠠ ᠶᠢᠨ ᠮᠠᠯᠴᠢᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠬᠠᠯᠠᠭᠤᠨ ᠢᠶᠠᠷ ᠬᠦᠰᠡᠨ ᠬᠦᠯᠢᠶᠡᠵᠦ ᠪᠠᠶᠢᠭ᠎ᠠ ᠬᠠᠯᠠᠭᠤᠨ ᠠᠭᠤᠷ ᠠᠮᠢᠰᠬᠤᠯ ᠢ ᠢᠯᠡᠷᠡᠭᠦᠯᠵᠦ᠂ ᠪᠠᠭ᠎ᠠ ᠠᠴᠠ ᠶᠡᠭᠡ ᠶᠢ ᠣᠯᠵᠤ ᠬᠠᠷᠠᠬᠤ ᠨᠢ ᠤᠷᠠᠳ ᠤᠨ ᠬᠤᠶᠢᠲᠤ ᠬᠤᠰᠢᠭᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ  ᠤ ᠰᠢ ᠶᠢᠨ ᠫᠢᠩ ᠶᠡᠷᠦᠩᠬᠡᠶ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠪᠦᠯᠬᠦᠮᠳᠡᠨ ᠨᠢᠭᠡᠳᠴᠦ᠂ ᠰᠢᠷᠭᠠᠭᠤ ᠠᠵᠢᠯᠯᠠᠵᠤ᠂ ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠬᠢᠨ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠷᠡᠰ ᠵᠣᠷᠢᠭ ᠢ ᠬᠠᠷᠠᠭᠤᠯᠵᠠᠶ᠃         ᠵᠣᠬᠢᠶᠠᠯ ᠢ ᠰᠤᠷᠪᠤᠯᠵᠢᠯᠠᠨ ᠪᠢᠴᠢᠬᠦ ᠶᠠᠪᠤᠴᠠ ᠳᠤ᠂ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠮ ᠵᠠᠭᠤᠴᠢᠯᠠᠭᠤᠷ ᠤᠨ ᠲᠥᠪ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠥᠬᠦ ᠬᠦᠴᠦᠨ ᠢᠶᠠᠷ ᠢᠶᠠᠨ ᠬᠠᠮᠵᠢᠯᠴᠠᠨ᠂ ᠰᠢᠯᠢᠳᠡᠭ ᠡᠬᠡ ᠮᠠᠲ᠋ᠧᠷᠢᠶᠠᠯ ᠢ ᠢᠳᠡᠪᠬᠢᠲᠡᠶ ᠬᠠᠩᠭᠠᠵᠤ᠂ ᠡᠴᠦᠰ ᠤᠨ ᠦᠷ᠎ᠡ ᠪᠦᠲᠦᠮᠵᠢ ᠶᠢ ᠢᠯᠡᠷᠡᠭᠦᠯᠬᠦ ᠳᠤ ᠴᠢᠬᠤᠯᠠ ᠪᠠᠲᠤᠯᠠᠭ᠎ᠠ ᠪᠤᠯᠤᠬᠰᠠᠨ ᠪᠠᠶᠢᠨ᠎ᠠ᠃ ᠲᠣᠰ ᠵᠣᠬᠢᠶᠠᠯ ᠢ ᠨᠡᠶᠢᠲᠡᠯᠡᠭᠰᠡᠨ ᠤ ᠳᠠᠷᠠᠭ᠎ᠠ ᠲᠥᠪ ᠤᠨ ᠵᠠᠭᠤᠴᠢᠯᠠᠭᠤᠷ ᠤᠨ ᠬᠢᠨ ᠤ ᠠᠩᠬᠠᠷᠤᠯ ᠢ  ᠲᠠᠳᠠᠬᠰᠠᠨ  ᠪᠦᠬᠡᠳ  ᠪᠦᠬᠦ ᠤᠯᠤᠰ ᠤᠨ ᠡᠯ᠎ᠠ ᠭᠤᠤᠯ ᠵᠠᠭᠤᠴᠢᠯᠠᠭᠤᠷ  ᠳᠤ ᠨᠠᠶᠢᠳᠡᠯᠡᠭᠳᠠᠵᠤ᠂ ᠤᠷᠠᠳ ᠤᠨ ᠬᠤᠶᠢᠲᠤ ᠬᠤᠰᠢᠭᠤᠨ ᠤ  ᠰᠠᠶᠢᠨ ᠰᠠᠶᠢᠬᠠᠨ ᠳᠦᠷᠢ ᠲᠥᠷᠬᠦ ᠶᠢ  ᠭᠠᠳᠠᠬᠰᠢ ᠤᠬᠠᠭᠤᠯᠬᠤ ᠳᠤ  ᠴᠢᠬᠤᠯᠠ  ᠦᠢᠯᠡᠳᠤᠯ  ᠦᠵᠡᠬᠦᠯᠦᠭᠰᠠᠨ ᠶᠤᠮ᠃                     
 
ᠢᠷᠡᠯᠲᠡ᠄ ᠲᠤᠰ ᠰᠦᠯᠵᠢᠶ᠎ᠠ