ᠮᠠᠨ ᠤ ᠬᠤᠰᠢᠭᠤ 2022 ᠣᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ ᠤᠨ ᠠᠵᠢᠯᠯᠠᠭ᠎ᠠ ᠵᠢᠴᠢ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/19
            ᠦᠢᠷ᠎ᠠ ᠶᠢᠨ ᠡᠳᠦᠷ᠂ ᠮᠠᠨ ᠤ ᠬᠤᠰᠢᠭᠤ ︽ᠬᠤᠷᠢᠳᠤᠭᠠᠷ ᠶᠡᠭᠡ  ᠬᠤᠷᠠᠯ ᠢ ᠤᠬᠳᠤᠬᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠢᠷᠡᠭᠡᠳᠦᠶ  ᠤᠷᠣᠭᠤ ᠤᠷᠤᠬᠰᠢᠯᠠᠬᠤ︾ 2022 ᠣᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠡᠳᠦᠷ ᠤᠨ ᠠᠵᠢᠯᠯᠠᠭ᠎ᠠ ᠵᠢᠴᠢ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠠᠶᠠᠯᠠᠯ︾ ᠤᠨ ᠨᠠᠮᠤᠷ ᠤᠨ ᠤᠯᠠᠷᠢᠯ ᠤᠨ ᠠᠵᠢᠯᠯᠠᠭ᠎ᠠ ᠵᠢᠴᠢ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠪᠡ᠃             ᠲᠣᠰ ᠤᠳᠠᠭᠠᠨ ᠤ ᠠᠵᠢᠯᠯᠠᠭ᠎ᠠ ᠶᠢ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠪᠠ ᠨᠠᠮ ᠤᠨ ᠰᠤᠷᠭᠠᠭᠤᠯᠢ ᠵᠡᠷᠭᠡ 5 ᠨᠢᠭᠡᠴᠡ ᠬᠠᠮᠲᠤᠷᠠᠨ ᠡᠷᠭᠢᠯᠡᠵᠡᠶ᠃  ᠡᠬᠦᠨ ᠳᠤ᠂ ᠨᠠᠮ ᠤᠨ ᠰᠤᠷᠭᠠᠭᠤᠯᠢ ᠶᠢᠨ  ᠪᠠᠭᠰᠢ ᠶᠢ  ᠤᠷᠢᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠲᠤᠬᠠᠢ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠡᠢ᠃ ᠤᠬᠠᠭᠤᠯᠤᠨ ᠲᠠᠶᠢᠯᠪᠤᠷᠢᠯᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠬᠠᠮᠠᠭᠠᠯᠠᠬᠤ ᠵᠡᠷᠭᠡ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠡᠢ᠃             ᠤᠯᠠᠨ ᠢᠶᠠᠷ ᠢᠶᠠᠨ᠂ ᠰᠣᠷᠣᠭᠰᠠᠨ ᠮᠡᠳᠡᠯᠭᠡ ᠲᠠᠢ ᠪᠠᠨ ᠭᠦᠢᠴᠡᠳ ᠤᠶᠠᠯᠳᠤᠭᠤᠯᠵᠤ᠂ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠤᠯᠠᠨ ᠲᠡᠰ ᠳᠠᠪᠬᠤᠷᠭ᠎ᠠ᠂ ᠤᠯᠠᠨ ᠬᠠᠷᠠᠭᠠᠰᠤ᠂ ᠪᠦᠬᠦ ᠲᠠᠯ᠎ᠠ ᠪᠠᠷ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠤᠨ᠎ᠠ ᠭᠡᠵᠦ ᠢᠯᠡᠳᠬᠡᠵᠡᠭᠡᠪᠡ᠃             ᠲᠤᠰ ᠤᠳᠠᠭᠠᠨ ᠤ ᠠᠵᠢᠯᠯᠠᠭ᠎ᠠ ᠨᠢ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠦᠢᠯᠡᠰ ᠤᠨ ᠣᠯᠤᠭᠰᠠᠨ ᠰᠢᠨ᠎ᠡ ᠠᠮᠵᠢᠯᠲᠠ ᠶᠢ ᠭᠦᠢᠴᠡᠳ ᠢᠯᠡᠷᠡᠭᠦᠯᠵᠦ᠂ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠵᠣᠪᠠᠯ ᠵᠢᠷᠭᠠᠯ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠴᠡᠴᠡᠭ ᠢ ᠪᠦᠭᠦ ᠬᠤᠰᠢᠭᠤᠨ ᠳᠤ ᠳᠡᠯᠭᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ  ᠶᠤᠮ᠃
ᠢᠷᠡᠯᠲᠡ᠄ ᠲᠤᠰ ᠰᠦᠯᠵᠢᠶ᠎ᠠ