ᠠᠯᠠᠰᠢᠨ ᠬᠤᠨᠢ ᠢᠮᠠᠭᠠᠨ ᠤ ᠠᠳᠠᠯᠢ ᠪᠤᠰᠤ ᠹᠢᠽᠢᠣᠯᠣᠭᠢ ᠶᠢᠨ ᠱᠠᠲᠤᠨ ᠤ ᠠᠷᠠᠴᠢᠯᠠᠭ᠎ᠠ ᠬᠠᠮᠢᠶᠠᠷᠤᠯᠳᠠ ᠶᠢᠨ ᠭᠤᠤᠯᠳᠠᠯᠭ᠎ᠠ
  
2022/9/2
        (ᠲᠤᠯᠤᠭ᠎ᠠ) ᠪᠤᠷᠳᠤᠵᠦ ᠲᠠᠷᠭᠤᠯᠠᠭᠤᠯᠤᠭᠰᠠᠨ ᠬᠤᠨᠢ ᠢᠮᠠᠭ᠎ᠠ         ᠠᠯᠠᠰᠢᠨ ᠬᠤᠨᠢ ᠢᠮᠠᠭ᠎ᠠ ᠶᠢ ᠪᠣᠷᠳᠣᠨ ᠲᠠᠷᠭᠤᠯᠠᠭᠤᠯᠬᠤ ᠱᠠᠲᠤ ᠦᠶ᠎ᠡ ᠪᠣᠯ ᠠᠯᠠᠰᠢᠨ ᠬᠤᠨᠢ ᠢᠮᠠᠭ᠎ᠠ ᠶᠢ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠤᠨ᠎ᠠ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠡᠵᠢᠭᠡᠨ ᠠᠷᠠᠴᠢᠯᠠᠬᠤ ᠬᠠᠮᠢᠶᠠᠷᠤᠯᠲᠠ ᠨᠢ ᠠᠯᠠᠰᠢᠨ ᠬᠤᠨᠢ ᠢᠮᠠᠭᠠᠨ ᠤ ᠡᠳᠤᠷ ᠤᠨ ᠬᠦᠨᠳᠦ ᠶᠢᠨ ᠨᠡᠮᠡᠭᠳᠡᠯ ᠪᠤᠯᠤᠨ ᠪᠤᠷᠤᠯᠠᠭᠤᠯᠤᠯᠳᠠ ᠶᠢᠨ ᠪᠡᠶ᠎ᠡ ᠶᠢᠨ ᠬᠦᠨᠳᠦ ᠶᠢ ᠮᠡᠳᠡᠭᠳᠡᠬᠦᠶᠢᠴᠡ ᠳᠡᠭᠡᠭᠰᠢᠯᠡᠭᠦᠯᠵᠦ᠂ ᠲᠡᠵᠢᠭᠡᠯ ᠪᠣᠷᠳᠣᠭᠠᠨ ᠤ ᠰᠢᠩᠭᠡᠭᠡᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠠᠯᠠᠰᠢᠨ ᠬᠤᠨᠢ ᠢᠮᠠᠭ᠎ᠠ ᠶᠢ ᠲᠡᠵᠢᠭᠡᠨ ᠦᠷᠡᠵᠢᠭᠦᠯᠬᠦ ᠦᠷ᠎ᠡ ᠠᠰᠢᠭ ᠢ ᠨᠡᠮᠡᠭᠳᠡᠭᠦᠯᠦᠨ᠎ᠡ᠃          ᠮᠠᠯᠵᠢᠬᠤ ᠣᠷᠣᠨ ᠤ ᠪᠣᠷᠳᠣᠵᠤ ᠲᠠᠷᠭᠤᠯᠠᠭᠤᠯᠬᠤ ᠬᠤᠨᠢ ᠢᠮᠠᠭ᠎ᠠ ᠶᠢ ᠪᠡᠯᠴᠢᠭᠡᠷᠯᠡᠭᠦᠯᠵᠦ ᠲᠠᠷᠭᠤᠯᠠᠭᠤᠯᠬᠤ ᠪᠤᠶᠤ ᠬᠠᠷᠢᠭᠤᠯᠬᠤ + ᠪᠣᠷᠳᠣᠵᠤ ᠲᠠᠷᠭᠤᠯᠠᠭᠤᠯᠬᠤ ᠎ ᠳᠤ ᠨᠥᠬᠦᠪᠥᠷᠢᠯᠡᠬᠦ ᠬᠤᠶᠠᠷ ᠵᠦᠶᠯ ᠤᠨ ᠠᠷᠭ᠎ᠠ ᠮᠠᠶ᠋ᠢᠭ ᠢ ᠠᠪᠴᠤ ᠪᠣᠯᠤᠨ᠎ᠠ᠃ ᠡᠮᠦᠨ᠎ᠡ ᠬᠤᠶᠢᠨ᠎ᠠ ᠬᠤᠶᠠᠷ ᠬᠤᠭᠤᠴᠠᠭ᠎ᠠ ᠬᠤᠪᠢᠶᠠᠵᠤ᠂ ᠠᠳᠠᠯᠢ ᠪᠤᠰᠤ ᠲᠡᠵᠢᠭᠡᠯ ᠪᠣᠷᠳᠣᠭᠠᠨ ᠤ ᠨᠠᠶᠢᠷᠠᠯᠭ᠎ᠠ ᠶᠢ ᠨᠥᠬᠦᠪᠥᠷᠢᠯᠡᠨ᠎ᠡ᠃ ᠡᠳᠦᠷ ᠲᠤ ᠬᠤᠷᠠᠭ᠎ᠠ ᠢᠰᠢᠭᠡᠨ ᠳᠤ ᠨᠠᠷᠢᠯᠢᠭ ᠪᠣᠷᠳᠤᠭ᠎ᠠ ᠨᠥᠬᠦᠪᠥᠷᠢᠯᠡᠬᠦ ᠬᠡᠮᠵᠢᠶ᠎ᠡ ᠨᠢ 0.3 — 0.45 ᠺᠢᠯᠣᠭ᠍ᠷᠠᠮ ᠪᠠᠶᠢᠪᠠᠯ ᠰᠠᠶᠢᠨ ᠪᠠᠶᠢᠵᠦ᠂ 0.15 ᠺᠢᠯᠣᠭ᠍ᠷᠠᠮ ᠠᠴᠠ ᠠᠭᠠᠵᠢᠮ ᠢᠶᠠᠷ ᠨᠡᠮᠡᠭᠳᠡᠭᠦᠯᠤᠨ᠂ 10 ᠡᠳᠦᠷ ᠤᠨ ᠳᠣᠲᠣᠷ᠎ᠠ ᠵᠢᠱᠢᠭᠰᠡᠨ ᠪᠣᠷᠳᠤᠭ᠎ᠠ ᠨᠥᠬᠦᠪᠥᠷᠢᠯᠡᠬᠦ ᠬᠡᠮᠵᠢᠶᠡᠨ ᠳᠤ ᠬᠦᠷᠭᠡᠨ᠎ᠡ᠃ ᠪᠣᠷᠳᠣᠬᠤ ᠶᠢᠨ ᠡᠮᠦᠨ᠎ᠡ ᠬᠤᠭᠤᠴᠠᠭᠠᠨ ᠤ ᠬᠤᠷᠠᠭ᠎ᠠ ᠢᠰᠢᠭᠡᠨ ᠳᠤ ᠪᠣᠷᠳᠤᠭ᠎ᠠ ᠨᠥᠬᠦᠪᠥᠷᠢᠯᠡᠬᠦ ᠪᠠᠷ ᠭᠤᠤᠯᠯᠠᠨ᠂ ᠪᠡᠯᠴᠢᠭᠡᠷᠯᠡᠭᠦᠯᠬᠦ ᠪᠠᠷ ᠳᠡᠳ᠋ᠯᠡᠭᠦᠯᠵᠦ᠂ ᠪᠣᠷᠳᠤᠭ᠎ᠠ ᠨᠥᠬᠦᠪᠥᠷᠢᠯᠡᠬᠦ ᠬᠤᠭᠤᠴᠠᠭ᠎ᠠ ᠨᠢ 45 — 60 ᠡᠳᠦᠷ ᠪᠣᠯᠤᠨ᠎ᠠ᠃ ᠰᠡᠭᠦᠯᠴᠢ ᠶᠢᠨ ᠬᠤᠭᠤᠴᠠᠭᠠᠨ ᠤ ᠪᠡᠯᠴᠢᠭᠡᠷ ᠤᠨ ᠪᠠᠶᠢᠳᠠᠯ ᠰᠠᠶᠢᠨ ᠪᠣᠯ ᠪᠡᠯᠴᠢᠭᠡᠷᠯᠡᠭᠦᠯᠦᠨ ᠪᠣᠷᠳᠣᠬᠤ ᠪᠠᠷ ᠭᠤᠤᠯᠯᠠᠵᠤ᠂ ᠡᠷᠳᠡᠨᠢ ᠰᠢᠰᠢ ᠵᠡᠷᠭᠡ ᠬᠡᠰᠡᠭ ᠡᠨᠧᠷᠭᠢᠲᠦ ᠪᠣᠷᠳᠤᠭ᠎ᠠ ᠨᠥᠬᠦᠪᠥᠷᠢᠯᠡᠨ᠂ ᠪᠣᠷᠳᠣᠬᠤ ᠰᠡᠭᠦᠯᠴᠢ ᠶᠢᠨ ᠬᠤᠭᠤᠴᠠᠭᠠᠨ ᠎ ᠤ ᠥᠨᠳᠥᠷ ᠡᠨᠧᠷᠭᠢ ᠶᠢᠨ ᠬᠡᠷᠡᠭᠴᠡᠭᠡ ᠶᠢ ᠬᠠᠩᠭᠠᠨ᠎ᠠ᠃      
            