ᠤᠷᠠᠳ ᠤᠨ ᠬᠤᠶᠢᠳᠤ ᠬᠤᠰᠢᠭᠤᠨ ᠤ ᠳᠥᠷᠪᠡᠨ ᠪᠠᠭ ᠤᠨ ᠤᠳᠤᠷᠢᠳᠤᠯᠭ᠎ᠠ ᠪᠥᠬᠦ ᠤᠯᠤᠰ ᠤᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ︾ ᠸᠠᠩ ᠶᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2022/9/2
              8 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠪᠥᠬᠦ ᠤᠯᠤᠰ ᠤᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ︾ ᠪᠠ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ ᠨᠡᠶᠢᠲᠡ︾ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠤᠷᠠᠳ ᠤᠨ ᠬᠤᠶᠢᠲᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠸᠠᠩ ᠶᠠᠨ ᠪᠥᠬᠦ ᠤᠯᠤᠰ  ᠤᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ︾  ᠬᠡᠬᠦ ᠢᠷᠠᠭᠤ  ᠠᠯᠳᠠᠷᠳᠤ ᠴᠤᠯᠨ  ᠬᠦᠷᠳᠡᠪᠠ᠃ ᠡᠨᠡ ᠪᠣᠯ ᠲᠣᠰ ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠰᠢᠰᠲ᠋ᠧᠮ ᠤᠨ ᠴᠣᠷ ᠤᠨ ᠭᠠᠭᠴᠠ ᠲᠣᠰ ᠢᠷᠠᠭᠤ ᠠᠯᠳᠠᠷ ᠢ ᠭᠥᠷᠳᠡᠭᠰᠡᠨ ᠬᠥᠮᠦᠨ ᠪᠣᠯᠬᠤ ᠪᠥᠭᠡᠳ ᠪᠠᠰᠠ ᠴᠤ  ᠪᠤᠶᠠᠨᠳᠡᠯᠬᠡᠷ  ᠤᠨ ᠳᠠᠷᠠᠭᠠᠬᠢ ᠤᠷᠠᠳ ᠤᠨ ᠬᠤᠶᠢᠲᠤ ᠬᠤᠰᠢᠭᠤᠨ ᠤ ᠬᠤᠶᠠᠳᠠᠬᠢ ᠢᠷᠠᠭᠤ ᠠᠯᠳᠠᠷ ᠢ ᠭᠥᠷᠳᠡᠭᠰᠡᠨ ᠠᠯᠪᠠᠲᠠᠨ ᠪᠣᠯᠤᠨ᠎ᠠ᠃                 ᠸᠠᠩ ᠶᠠᠨ ᠨᠥᠬᠦᠷ  ᠪᠤᠯ ᠪᠥᠬᠦ ᠤᠯᠤᠰ ᠤᠨ ᠠᠯᠪᠠᠲᠠᠨ ᠤ ᠡᠩᠨᠡᠭᠡ ᠳᠤ ᠴᠣᠯᠭᠤᠷᠠᠨ ᠭᠠᠷᠤᠭᠰᠠᠨ ᠨᠡᠶᠢᠲᠡᠯᠢᠭ ᠳᠠᠭᠤᠷᠢᠶᠠᠯ ᠮᠥᠨ᠂ ᠪᠥᠬᠦ ᠤᠯᠤᠰ ᠤᠨ ︽ᠬᠠᠮᠤᠭ ᠤᠨ ᠭᠤᠶᠣ ᠠᠯᠪᠠᠲᠠᠨ︾ ︽ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠠᠵᠢᠯᠲᠠᠨ︾ ︽ᠥᠪᠡᠷᠲᠡᠭᠡᠨ ᠵᠠᠰᠠᠬᠤ ᠣᠷᠣᠨ ᠤ ︽3 · 8︾ ᠶᠢᠨ ᠤᠯᠠᠭᠠᠨ ᠲᠤᠭᠴᠢ︾ ︽ᠪᠥᠬᠦ ᠬᠤᠲᠠ ᠶᠢᠨ ᠬᠥᠳᠡᠯᠮᠦᠷᠢ ᠶᠢᠨ ᠵᠢᠱᠢᠶᠡᠴᠢ︾ ︽ᠲᠡᠷᠢᠭᠦᠨ ᠤ ᠠᠵᠢᠯᠲᠠᠨ︾ ᠵᠡᠷᠭᠡ ᠢᠷᠠᠭᠤ ᠠᠯᠳᠠᠷ ᠢ ᠭᠥᠷᠳᠡᠭᠰᠡᠨ ᠶᠤᠮ᠃            9 ᠰᠠᠷ᠎ᠠ ᠶᠢᠨ 1 ᠤ ᠡᠳᠦᠷ  ᠤᠷᠠᠳ ᠤᠨ ᠬᠤᠶᠢᠳᠤ ᠬᠤᠰᠢᠭᠤ ᠨᠠᠮ ᠵᠠᠰᠠᠭ ᠤᠨ ᠲᠣᠮᠣ ᠠᠰᠠᠷ ᠲᠤ ᠶᠣᠰᠣᠯᠠᠯ ᠡᠷᠭᠢᠯᠡᠵᠦ᠂ ᠸᠠᠩ ᠶᠠᠨ ᠤ ᠪᠤᠴᠠᠵᠤ ᠢᠷᠡᠭᠰᠡᠨ ᠢ ᠬᠠᠯᠠᠭᠤᠨ ᠢᠶᠠᠷ ᠤᠭᠲᠤᠪᠠ᠃
 微信图片_20220902153321.jpg       
       ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠶᠢᠨ ᠪᠦᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ  ᠰᠡᠴᠡᠩᠭᠤᠸ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠤᠤ ᠶᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ  ᠮᠧᠩ ᠵᠢᠶᠦ᠋ᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠠᠯᠲᠠᠨᠪᠤᠯᠠᠭ᠂ ᠨᠠᠷᠠᠰᠤ᠂ ᠸᠠᠩ ᠰᠢᠶᠤᠤ ᠶᠠᠨ᠂  ᠵᠦ ᠹᠧᠩ᠂ ᠬᠤᠤ ᠶᠣᠣ ᠹᠧᠨ ᠤᠭᠲᠤᠬᠤ ᠶᠣᠰᠣᠯᠠᠯ ᠳᠤ ᠣᠷᠣᠯᠴᠠᠭᠰᠠᠨ ᠪᠥᠭᠡᠳ ᠸᠠᠩ ᠶᠠᠨ ᠨᠥᠬᠦᠷ ᠲᠠᠢ ᠶᠠᠷᠢᠯᠴᠠᠪᠠ᠃ 
  微信图片_20220902153338.jpg 
             ᠶᠠᠷᠢᠯᠴᠠᠬᠤ ᠬᠤᠷᠠᠯ ᠳᠡᠭᠡᠷ᠎ᠡ᠂ ᠸᠠᠩ ᠶᠠᠨ ᠪᠦᠬᠦ ᠤᠯᠤᠰ ᠤᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ︾ ᠪᠣᠯᠤᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ ᠨᠡᠶᠢᠲᠡ︾ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠭᠰᠠᠨ ᠲᠦᠷᠦᠭᠳᠡᠯ ᠵᠢᠴᠢ ᠬᠥᠬᠢᠭᠦᠯᠦᠨ ᠰᠠᠶᠢᠰᠢᠶᠠᠭᠳᠠᠭᠰᠠᠨ ᠲᠥᠯᠥᠭᠡᠯᠡᠭᠴᠢᠳ ᠲᠠᠢ ᠬᠠᠮᠲᠤ ᠰᠢ ᠶᠢᠨ ᠫᠢᠩ ᠶᠡᠷᠦᠩᠬᠡᠢ ᠱᠦᠵᠢ ᠶᠢᠨ ᠠᠭᠤᠯᠵᠠᠯᠲᠠ ᠶᠢ ᠬᠦᠯᠢᠶᠡᠨ ᠠᠪᠬᠤ ᠦᠶ᠎ᠡ ᠶᠢᠨ ᠣᠮᠣᠭᠰᠢᠯᠳᠤ ᠰᠡᠳᠬᠢᠯᠭᠡ ᠶᠢ ᠭᠦᠨ ᠰᠡᠳᠬᠢᠯᠭᠡ ᠲᠠᠢ ᠪᠠᠷ ᠡᠷᠭᠢᠴᠡᠭᠦᠯᠬᠦ ᠶᠢᠨ ᠬᠠᠮᠲᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠴᠢᠬᠤᠯᠠ ᠵᠣᠷᠢᠭ ᠰᠠᠨᠠᠭ᠎ᠠ ᠶᠢ ᠤᠯᠠᠮᠵᠢᠯᠠᠪᠠ᠃ ᠸᠠᠩ ᠶᠠᠨ ᠢᠯᠡᠷᠬᠡᠶᠢᠯᠡᠬᠦ ᠳᠡᠭᠡᠨ᠂ ᠢᠷᠠᠭᠤ ᠠᠯᠳᠠᠷ ᠢᠶᠠᠨ ᠨᠠᠨᠳᠢᠩᠨᠠᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ︽  ᠢᠮᠠᠭᠲᠠ  ᠴᠢᠩᠭ᠎ᠠ ᠠᠳᠬᠤᠬᠤ ︾ ᠬᠠᠷᠢᠭᠤᠴᠠᠯᠭᠠᠲᠤ ᠰᠡᠳᠬᠢᠯᠭᠡ᠂  ᠯᠠᠪᠳᠠᠭᠤᠨ ᠪᠠᠲᠤᠲᠠᠶ ᠣᠪᠣᠷ ᠰᠤᠷᠲᠠᠯ᠂ ᠬᠦᠴᠦᠯᠡᠨ ᠴᠢᠷᠮᠠᠶᠢᠵᠤ  ᠦᠢᠯᠡᠰ ᠪᠦᠲᠦᠭᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠠᠯᠪᠠᠲᠠᠨ ᠤ ᠦᠨᠡᠨᠴᠢ ᠰᠢᠳᠤᠷᠭᠤ ᠪᠠᠷ ᠡᠭᠦᠷᠭᠡ ᠲᠤᠰᠢᠶᠠᠯ ᠢᠶᠠᠨ ᠬᠦᠢᠴᠡᠳᠬᠡᠭᠰᠠᠨ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠶᠢ ᠴᠢᠷᠮᠠᠶᠢᠨ ᠲᠤᠰᠢᠶᠠᠵᠤ᠂ ᠪᠥᠬᠦ ᠤᠯᠤᠰ ᠤᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ︾ ᠭᠡᠬᠦ ᠡᠨᠡ ᠬᠦ ᠡᠷᠬᠢᠮ ᠳᠡᠭᠡᠳᠦ ᠪᠥᠭᠡᠳ ᠠᠷᠢᠭᠤᠨ ᠳᠠᠷᠬᠠᠨ ᠢᠷᠠᠭᠤ ᠠᠯᠳᠠᠷ ᠲᠤ ᠥᠩᠭᠡ ᠬᠡᠷᠡᠯ ᠨᠡᠮᠡᠷᠢᠯᠡᠨ᠎ᠡ ᠭᠡᠵᠡᠶ᠃  
微信图片_20220902153348.jpg
           ᠸᠠᠩ ᠶᠢᠨ ᠪᠦᠦ ᠸᠠᠩ ᠶᠠᠨ ᠨᠥᠬᠦᠷ ᠲᠤ ᠬᠠᠯᠠᠭᠤᠨ ᠪᠠᠶᠠᠷ ᠬᠦᠷᠭᠡᠵᠦ᠂ ᠠᠷᠠᠳ ᠲᠦᠮᠡᠨ ᠰᠡᠳᠬᠢᠯ ᠬᠠᠨᠤᠮᠵᠢᠲᠠᠶ ᠪᠠᠶᠢᠬᠤ ᠪᠣᠯ ᠠᠯᠪᠠᠲᠠᠨ ᠤ ᠠᠵᠢᠯ ᠤᠨ ᠬᠠᠮᠤᠭ ᠤᠨ ᠳᠡᠭᠡᠳᠦ ᠬᠥᠬᠢᠭᠦᠯᠦᠯ ᠮᠥᠨ᠂ ᠸᠠᠩ ᠶᠠᠨ ᠨᠥᠬᠦᠷ ᠪᠥᠬᠦ ᠤᠯᠤᠰ ᠤᠨ ︽ᠠᠷᠠᠳ ᠲᠦᠮᠡᠨ ᠤ ᠰᠡᠳᠬᠢᠯ ᠬᠠᠨᠤᠮᠵᠢᠲᠠᠶ ᠠᠯᠪᠠᠲᠠᠨ︾ ᠤ ᠴᠣᠯᠠ ᠶᠢ ᠭᠥᠷᠳᠡᠭᠰᠡᠨ ᠨᠢ ᠲᠡᠭᠦᠨ ᠤ ᠬᠤᠪᠢ ᠬᠥᠮᠦᠨ ᠤ ᠢᠷᠠᠭᠤ ᠠᠯᠳᠠᠷ ᠪᠣᠯᠬᠤ ᠪᠠᠷ ᠪᠠᠷᠠᠬᠤ ᠥᠬᠡᠶ᠂ ᠨᠠᠩ ᠴᠤ ᠤᠷᠠᠳ ᠤᠨ ᠬᠤᠶᠢᠲᠤ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠣᠮᠣᠭᠰᠢᠯ ᠮᠥᠨ ᠭᠡᠵᠦ ᠵᠢᠭᠠᠵᠤ ᠭᠠᠷᠭᠠᠪᠠ᠃ ᠡᠯ᠎ᠡ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠸᠠᠩ ᠶᠠᠨ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠤᠰᠬᠠᠢ ᠰᠡᠳᠦᠪᠲᠦ ᠮᠡᠳᠡᠭᠦᠯᠦᠯᠲᠡ ᠶᠢᠨ ᠬᠤᠷᠠᠯ ᠬᠢᠬᠦ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠨ᠂ ᠳᠡᠷᠭᠡᠳᠡᠬᠢ ᠦᠯᠢᠬᠡᠷ ᠳᠠᠭᠤᠷᠢᠶᠠᠯ ᠢᠶᠠᠷ ᠢᠶᠠᠨ ᠪᠦᠬᠦ ᠬᠤᠰᠢᠭᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠲᠡᠷᠢᠭᠦᠨ ᠤ ᠬᠢ ᠠᠴᠠ ᠰᠤᠷᠤᠯᠴᠠᠬᠤ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠶᠢ ᠬᠦᠳᠦᠯᠦᠨ ᠵᠢᠯᠣᠭᠤᠳᠴᠤ᠂ ᠠᠳᠠᠯᠢᠳᠬᠠᠬᠤ ᠰᠤᠷᠤᠯᠴᠠᠬᠤ ᠭᠦᠢᠴᠡᠬᠦ ᠬᠠᠪᠰᠤᠷᠬᠤ ᠳᠠᠪᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠰᠠᠶᠢᠨ ᠰᠤᠷᠲᠠᠯ᠂ ᠰᠠᠶᠢᠨ ᠲᠦᠷᠢ ᠲᠥᠷᠬᠦ ᠪᠠᠷ ᠠᠷᠠᠳ ᠤᠯᠠᠨ ᠳᠤ ᠮᠡᠳᠡᠷᠡᠭᠳᠡᠵᠦ᠂ ᠠᠷᠠᠳ ᠤᠯᠠᠨ ᠤ ᠢᠲᠡᠭᠡᠭᠦᠰᠢᠲᠡᠢ᠂ ᠨᠠᠶᠢᠳᠠᠪᠤᠷᠢᠲᠠᠢ ᠲᠦᠰᠢᠭ ᠲᠤᠯᠭᠠᠭᠤᠷᠢ ᠪᠠ ᠰᠠᠶᠢᠨ ᠠᠯᠪᠠᠨ ᠵᠠᠷᠤᠴᠠ ᠪᠣᠯᠬᠤ ᠪᠠᠷ ᠴᠢᠷᠮᠠᠶᠢᠬᠤ ᠬᠡᠷᠡᠭᠲᠡᠢ᠃   ᠸᠠᠩ ᠶᠢᠨ ᠪᠦᠦ ᠢᠯᠡᠷᠬᠡᠶᠢᠯᠡᠬᠦ ᠳᠡᠭᠡᠨ᠂ ᠡᠨᠡ ᠤᠳᠠᠭ᠎ᠠ ᠶᠢᠨ ᠢᠷᠠᠭᠤ ᠠᠯᠳᠠᠷ ᠢ ᠭᠥᠷᠳᠡᠭᠰᠡᠨ ᠶᠠᠪᠤᠳᠠᠯ ᠪᠣᠯ ᠨᠢᠭᠡᠨ ᠰᠢᠨ᠎ᠡ ᠡᠬᠢᠯᠡᠯᠲᠡ ᠮᠥᠨ᠂ ᠸᠠᠩ ᠶᠠᠨ ᠨᠥᠬᠦᠷ ᠤᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠬᠤ ᠶᠢ ᠬᠦᠰᠡᠵᠦ ᠪᠠᠶᠢᠨ᠎ᠠ᠃ ᠢᠷᠠᠭᠤ ᠠᠯᠳᠠᠷ ᠢᠶᠠᠨ ᠨᠠᠨᠳᠢᠩᠨᠠᠵᠤ᠂ ᠬᠥᠮᠥᠰᠬᠡ ᠵᠠᠩᠭᠢᠳᠬᠤ ᠦᠭᠡᠶ ᠪᠠᠭᠠᠲᠤᠷ ᠡᠮᠡᠭᠲᠡᠶ ᠶᠢᠨ ᠵᠣᠷᠢᠭ ᠰᠠᠨᠠᠭ᠎ᠠ ᠪᠠᠷ᠂ ᠵᠣᠷᠢᠭᠲᠠᠶ ᠪᠠᠷ ᠰᠢᠨ᠎ᠡ ᠶᠢ ᠡᠭᠦᠳᠴᠦ ᠤᠷᠤᠭᠰᠢᠯᠠᠨ ᠲᠠᠪᠰᠢᠵᠤ᠂ ᠠᠵᠢᠯ ᠬᠢᠵᠦ ᠦᠢᠯᠡᠰ ᠪᠤᠰᠬᠠᠬᠤ ᠪᠠᠷ ᠵᠣᠷᠢᠭ ᠰᠢᠭᠤᠳᠴᠤ᠂ ︽ᠭᠠᠷᠠᠭ ᠤᠨ ᠰᠡᠭᠦᠯᠴᠢ ᠶᠢᠨ ᠡᠵᠢ︾ ᠵᠢᠴᠢ ᠡᠮᠡᠭᠲᠡᠶᠢᠴᠦᠳ ᠬᠡᠤᠬᠡᠳ ᠵᠡᠷᠭᠡ ᠡᠯ᠎ᠡ  ᠵᠦᠢᠯ ᠤᠨ ᠭᠤᠤᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠪᠣᠳᠠᠲᠠᠶ ᠠᠳᠬᠤᠵᠤ ᠦᠷ᠎ᠡ ᠪᠦᠲᠦᠮᠵᠢ ᠭᠠᠷᠭᠠᠵᠤ᠂ ᠡᠮᠡᠭᠲᠡᠶ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠪᠠᠶᠢᠭᠠᠳ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠳᠠᠭᠠᠵᠤ᠂ ᠨᠠᠮ ᠤᠨ ᠲᠥᠷᠥ ᠪᠠᠷᠢᠬᠤ ᠣᠯᠠᠨ ᠲᠦᠮᠡᠨ ᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ︽ᠰᠢᠨ᠎ᠡ ᠬᠤᠶᠢᠲᠤ  ᠬᠤᠰᠢᠭᠤ  ᠶᠢ ᠳᠠᠬᠢᠨ ᠴᠤᠬᠴᠠᠯᠠᠬᠤ︾ ᠳᠤ ᠡᠮᠡᠭᠲᠡᠶᠢᠴᠦᠳ ᠤᠨ ᠬᠦᠴᠦᠨ ᠴᠢᠳᠠᠯ ᠢ ᠨᠡᠮᠡᠷᠢᠯᠡᠵᠦ᠂ ᠨᠠᠩ ᠰᠢᠯᠢᠳᠡᠭ ᠠᠮᠵᠢᠯᠲᠠ ᠪᠠᠷ ᠢᠶᠠᠨ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠢᠮ ᠳᠡᠭᠡᠳᠦ ᠢᠷᠠᠭᠤ ᠠᠯᠳᠠᠷ ᠪᠠ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠶᠢ ᠬᠠᠷᠢᠭᠤᠯᠬᠤ ᠬᠡᠷᠡᠭᠳᠡᠢ ᠬᠡᠪᠠ᠃                    
ᠢᠷᠡᠯᠲᠡ᠄ ᠲᠤᠰ ᠰᠦᠯᠵᠢᠶ᠎ᠠ