| 8 ᠳ᠋ᠤᠭᠠᠷ ᠰᠠᠷ᠎ᠠ ᠶᠢᠨ 25 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠲᠣᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 4 ᠨᠡᠮᠡᠭᠳᠡᠵᠡᠢ᠂ ᠡᠭᠦᠨ ᠳᠤ ᠬᠥᠬᠡᠬᠤᠲᠠ ᠳᠤ 1 ︵ᠰᠢᠨ᠎ᠡ ᠬᠤᠲᠠ ᠲᠣᠭᠤᠷᠢᠭ ᠤᠨ | ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠪᠠ︶᠂ ᠰᠢᠯᠢ ᠶᠢᠨ ᠭᠤᠣᠯ ᠠᠶᠢᠮᠠᠭ ᠲᠤ 3 ︵ᠡᠷᠢᠶᠡᠨ ᠬᠤᠲᠠᠨ ᠤ ᠲᠤᠰᠠᠭᠠᠷᠯᠠᠬᠤ ᠴᠡᠭ ᠠᠴᠠ ᠪᠠᠶᠢᠴᠠᠭᠠᠨ | ᠭᠠᠷᠭᠠᠪᠠ︶ ᠪᠤᠢ᠃ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ᠨᠡᠮᠡᠭᠳᠡᠪᠡ᠂ ᠡᠭᠦᠨ ᠳᠤ ᠬᠥᠬᠡᠬᠤᠲᠠ ᠶᠢᠨ ᠰᠠᠶᠢᠬᠠᠨ ᠲᠣᠭᠤᠷᠢᠭ ᠲᠤ 1 ︵ᠵᠠᠮ ᠤᠨ | ᠪᠣᠭᠤᠮᠲᠠ ᠳᠠᠬᠢ ᠪᠥᠭᠡᠮ ᠬᠦᠴᠢᠯ ᠤᠨ ᠪᠠᠶᠢᠴᠠᠭᠠᠯᠲᠠ ᠪᠠᠷ ᠪᠠᠶᠢᠴᠠᠭᠠᠨ ᠭᠠᠷᠭᠠᠵᠠᠢ︶᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠᠨ ᠳᠤ 3 ︵ᠡᠭᠦᠨ ᠳᠤ | 1 ᠶᠢ ᠨᠢ ᠲᠤᠰᠠᠭᠠᠷᠯᠠᠬᠤ ᠴᠡᠭ ᠠᠴᠠ᠂ 2 ᠢ ᠨᠢ ᠲᠥᠭᠰᠢᠭᠦᠷᠢ ᠶᠡᠬᠡᠲᠡᠢ ᠲᠣᠭᠤᠷᠢᠭ ᠠᠴᠠ ᠪᠠᠶᠢᠴᠠᠭᠠᠨ ᠭᠠᠷᠭᠠᠪᠠ︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ | ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 10᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ᠰᠢᠨ᠎ᠡ ᠪᠠᠷ ᠨᠡᠮᠡᠭᠳᠡᠵᠡᠢ᠂ ᠲᠡᠳᠡᠭᠡᠷ ᠨᠢ ᠴᠥᠮ | ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ | ᠪᠠᠭᠤᠳᠠᠯ ᠳᠤ ᠪᠠᠭᠤᠭᠰᠠᠳ ᠪᠣᠯᠤᠨ᠎ᠠ᠃ ᠲᠤᠬᠠᠢ ᠶᠢᠨ ᠭᠠᠵᠠᠷ ᠤᠨ ᠲᠣᠳᠤᠯᠠᠭᠰᠠᠨ 4 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠴᠠᠢ᠂ ᠡᠭᠦᠨ ᠳᠤ | ᠪᠣᠭᠤᠲᠤ ᠬᠤᠲᠠ ᠶᠢᠨ ᠴᠢᠩᠱᠠᠨ ᠲᠣᠭᠤᠷᠢᠭ ᠲᠤ 1᠂ ᠬᠥᠯᠦᠨ ᠪᠤᠶᠢᠷ ᠬᠤᠲᠠ ᠶᠢᠨ ᠮᠠᠨᠵᠤᠤᠷ ᠬᠤᠲᠠ ᠳᠤ 1᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠳᠤ 2 ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ 2 ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ | ᠢᠯᠡᠷᠡᠯ ᠦᠭᠡᠢ 7 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ᠂ ᠲᠡᠳᠡᠭᠡᠷ ᠨᠢ ᠴᠥᠮ ᠨᠡᠶᠢᠰᠯᠡᠯ ᠤᠨ ᠣᠯᠠᠨ ᠤᠯᠤᠰ ᠤᠨ | ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠤᠨ᠎ᠠ᠃ | 8 ᠳ᠋ᠤᠭᠠᠷ ᠰᠠᠷ᠎ᠠ ᠶᠢᠨ 25 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 38 ᠪᠠᠶᠢᠵᠤ᠂ ᠡᠭᠦᠨ ᠳᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠲᠤ 1᠂ ᠬᠦᠯᠦᠨ ᠪᠤᠶᠢᠷ ᠬᠤᠲᠠ ᠶᠢᠨ ᠮᠠᠨᠵᠤᠤᠷ | ᠬᠤᠲᠠ ᠳᠤ 6᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠᠨ ᠳᠤ 23᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ | 2᠂ ᠤᠷᠳᠤᠰ ᠬᠤᠲᠠ ᠳᠤ 6 ︵ᠵᠡᠭᠦᠨᠭᠠᠷ ᠬᠤᠰᠢᠭᠤᠨ ᠳᠤ 5᠂ ᠣᠲᠤᠭ ᠬᠤᠰᠢᠭᠤᠨ ᠳᠤ 1︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ 41 ᠪᠠᠶᠢᠨ᠎ᠠ᠂ ᠡᠭᠦᠨ ᠳᠤ ᠬᠥᠬᠡᠬᠤᠲᠠ ᠶᠢᠨ ᠰᠠᠶᠢᠬᠠᠨ ᠲᠣᠭᠤᠷᠢᠭ ᠲᠤ 1᠂ ᠬᠦᠯᠦᠨ ᠪᠤᠶᠢᠷ ᠬᠤᠲᠠ ᠶᠢᠨ ᠮᠠᠨᠵᠤᠤᠷ ᠬᠤᠲᠠ ᠳᠤ 1᠂ | ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 35᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 1᠂ ᠠᠯᠠᠱᠠ | ᠠᠶᠢᠮᠠᠭ ᠤᠨ ᠠᠯᠠᠱᠠ ᠵᠡᠭᠦᠨ ᠬᠤᠰᠢᠭᠤᠨ ᠳᠤ 3 ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 20᠂ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 8 ᠪᠠᠶᠢᠵᠤ᠂ ᠴᠦᠮ ᠬᠦᠬᠡᠬᠤᠳᠠ ᠳᠤ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ | ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |