9 ᠰᠠᠷ᠎ᠠ ᠶᠢᠨ 19 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ — ᠠᠽᠢᠶ᠎ᠠ | ᠧᠦ᠋ᠷᠣᠫᠠ ᠶᠢᠨ ᠦᠵᠡᠰᠭᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠠᠽᠢᠶ᠎ᠠ ᠧᠦ᠋ᠷᠣᠫᠠ ᠶᠢᠨ ᠡᠬᠡ ᠬᠠᠭᠤᠷᠠᠢ ᠳᠤ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠲᠠᠯᠳᠠ ᠬᠦᠴᠦᠨ ᠢᠶᠠᠷ ᠪᠢᠯᠬᠠᠵᠤ᠂ ︽ | ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠤᠯᠠᠨ ᠤᠯᠤᠰ ᠤᠨ ᠬᠠᠮᠲᠤᠷᠠᠯᠴᠠᠭᠠᠨ ᠤ ᠭᠤᠣᠯᠳᠠᠯᠭ᠎ᠠ ᠲᠠᠢ ᠣᠷᠣᠨ ᠪᠦᠰᠡ ᠪᠣᠯᠤᠨ᠎ᠠ᠃ | ᠤᠢᠢᠷ᠎ᠠ ᠶᠢᠨ ᠵᠢᠯ ᠳᠤ᠂ ᠳᠤᠮᠳᠠᠳᠤ ᠤᠯᠤᠰ ᠤᠨ ᠰᠢᠨᠵᠢᠶᠠᠩ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠣᠷᠭᠠᠨ ᠵᠠᠮ ᠤᠨ ᠠᠵᠤ | ᠠᠬᠤᠢ ᠶᠢᠨ ᠪᠦᠰᠡ ᠶᠢᠨ ᠭᠤᠣᠯ ᠣᠷᠣᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠳᠤᠮᠳᠠᠳᠤ ᠤᠯᠤᠰ ᠪᠣᠯᠤᠨ ᠠᠽᠢᠶ᠎ᠠ ᠧᠦ᠋ᠷᠣᠫᠠ ᠶᠢᠨ | ᠭᠠᠵᠠᠷ ᠣᠷᠣᠨ ᠤ ᠤᠯᠤᠰ ᠤᠳ ᠤᠨ ᠬᠤᠯᠪᠣᠯᠳᠤᠨ ᠨᠡᠪᠲᠡᠷᠡᠯᠴᠡᠬᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠬᠦ᠂ ᠬᠠᠮᠲᠤ ᠪᠠᠷ ᠬᠦᠭᠵᠢᠬᠦ ᠶᠢ ᠠᠬᠢᠭᠤᠯᠵᠤ᠂ | ᠢᠳᠡᠪᠬᠢᠲᠡᠢ ᠦᠷ᠎ᠡ ᠪᠦᠲᠦᠮᠵᠢ ᠤᠯᠪᠠ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ᠂ ᠳᠤᠮᠳᠠᠳᠤ ᠤᠯᠤᠰ — ᠠᠽᠢᠶ᠎ᠠ ᠧᠦ᠋ᠷᠣᠫᠠ ᠶᠢᠨ | ᠦᠵᠡᠰᠭᠦᠯᠡᠩ ᠤᠨ ᠴᠤᠭᠯᠠᠭᠠᠨ ᠢᠶᠠᠷ ᠲᠠᠪᠴᠠᠩ ᠪᠣᠯᠭᠠᠵᠤ᠂ ᠡᠩᠬᠡ ᠲᠠᠶᠢᠪᠤᠩ ᠢᠶᠠᠷ ᠬᠠᠮᠲᠤᠷᠠᠯᠴᠠᠬᠤ᠂ ᠨᠡᠭᠡᠭᠡᠯᠲᠡᠲᠡᠶ ᠪᠠᠭᠲᠠᠭᠠᠮᠵᠢᠲᠠᠶ ᠪᠠᠶᠢᠬᠤ᠂ ᠬᠠᠷᠢᠯᠴᠠᠨ | ᠰᠤᠷᠤᠯᠴᠠᠵᠤ ᠬᠠᠷᠢᠯᠴᠠᠨ ᠲᠣᠯᠢᠯᠠᠬᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠲᠣᠷᠭᠠᠨ ᠵᠠᠮ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠨᠳᠥᠷ | ᠪᠠᠷᠢᠮᠵᠢᠶ᠎ᠠ ᠲᠠᠢ᠂ ᠦᠷᠭᠦᠯᠵᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠠᠽᠢᠶ᠎ᠠ ᠧᠦ᠋ᠷᠣᠫᠠ ᠶᠢᠨ ᠬᠠᠮᠲᠤᠷᠠᠯᠴᠠᠭᠠᠨ ᠤ ᠬᠦᠷᠢᠶ᠎ᠡ ᠶᠢ | ᠲᠠᠰᠤᠷᠠᠯᠲᠠ ᠥᠬᠡᠶ ᠥᠷᠭᠡᠳᠭᠡᠵᠦ᠂ ᠠᠽᠢᠶ᠎ᠠ ᠧᠦ᠋ᠷᠣᠫᠠ ᠶᠢᠨ ᠬᠠᠮᠲᠤᠷᠠᠯᠴᠠᠭᠠᠨ ᠤ ᠲᠦᠪᠰᠢᠨ ᠢ ᠳᠡᠭᠡᠭᠰᠢᠯᠡᠭᠦᠯᠵᠦ᠂ ᠬᠠᠮᠲᠤ ᠶᠢᠨ ᠬᠥᠭᠵᠢᠯ ᠴᠡᠴᠡᠭᠯᠡᠯ ᠢ | ᠠᠬᠢᠭᠤᠯᠤᠨ᠎ᠠ ᠬᠡᠵᠤ ᠴᠢᠬᠤᠯᠠᠴᠢᠯᠠᠪᠠ᠃ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ — ᠠᠽᠢᠶ᠎ᠠ ᠧᠦ᠋ᠷᠣᠫᠠ ᠶᠢᠨ ᠦᠵᠡᠰᠭᠦᠯᠡᠩ ᠤᠨ ᠴᠤᠭᠯᠠᠭᠠᠨ ᠲᠤᠰ | ᠡᠳᠦᠷ ᠰᠢᠨᠵᠢᠶᠠᠩ ᠤᠨ ᠦᠷᠦᠮᠴᠢ ᠳᠤ ᠡᠬᠢᠯᠡᠵᠥ᠂ ︽ᠬᠠᠮᠲᠤ ᠪᠠᠷ ᠵᠥᠪᠳᠡᠯᠴᠡᠵᠤ᠂ ᠬᠠᠮᠲᠤ ᠪᠠᠷ ᠪᠠᠶᠢᠭᠤᠯᠵᠤ᠂ ᠬᠠᠮᠲᠤ ᠪᠠᠷ ᠡᠳ᠋ᠯᠡᠵᠤ᠂ ᠬᠠᠮᠲᠤᠷᠠᠯᠴᠠᠭ᠎ᠠ ᠬᠢᠵᠤ | ᠢᠷᠡᠭᠡᠳᠦᠢ ᠲᠡᠶᠢᠰᠢ ᠤᠷᠤᠭᠰᠢᠯᠠᠶ᠎ᠠ︾ ᠪᠠᠷ ᠭᠤᠤᠯ ᠰᠡᠳᠤᠪ ᠪᠤᠯᠭᠠᠵᠤ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠭᠠᠳᠠᠭᠠᠳᠤ ᠶᠠᠪᠤᠳᠠᠯ ᠤᠨ ᠶᠠᠮᠤᠨ᠂ ᠳᠤᠮᠳᠠᠳᠤ | ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠡᠷᠭᠡ | ᠬᠠᠮᠲᠤ ᠪᠠᠷ ᠭᠤᠣᠯᠯᠠᠨ ᠡᠷᠬᠢᠯᠡᠪᠡ᠃ | |