ᠬᠤᠰᠢᠭᠤᠨ ᠨᠠᠮ ᠤᠨ ᠬᠤᠷᠢᠶ᠎ᠠ ᠶᠢᠨ ᠱᠦᠵᠢ ᠸᠠᠩ ᠶᠢᠨ ᠪᠦᠦ ᠬᠤᠰᠢᠭᠤᠨ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/23
            9 ᠰᠠᠷ᠎ᠠ ᠶᠢᠨ 8 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠸᠠᠩ ᠶᠢᠨ ᠪᠦᠦ ᠬᠤᠰᠢᠭᠤᠨ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠬᠤᠰᠢᠭᠤᠨ ᠤ ᠤᠳᠤᠬᠢ ᠰᠤᠷᠭᠠᠨ ᠬᠥᠮᠦᠵᠢᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃         ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠤᠤ ᠶᠦᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠮᠧᠩ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠠᠯᠲᠠᠨᠪᠤᠯᠠᠭ᠂ ᠸᠠᠩ ᠰᠢᠶᠤᠤ ᠶᠠᠨ ᠵᠡᠷᠭᠡ ᠳᠡᠳ᠋ ᠭᠠᠵᠠᠷ ᠤᠨ ᠲᠠᠰ ᠤᠨ ᠤᠳᠤᠷᠢᠳᠬᠤ ᠺᠠᠳ᠋ᠷ ᠬᠤᠷᠠᠯ ᠳᠤ ᠣᠷᠣᠯᠴᠠᠵᠠᠶ᠃          ᠬᠤᠷᠠᠯ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠰᠣᠷᠣᠭᠴᠢ ᠶᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ﹀  ᠶᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠱᠠᠭᠠᠷᠳᠠᠭᠰᠠᠨ ᠨᠢ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠰᠤᠷᠭᠠᠨ ᠬᠥᠮᠦᠵᠢᠭᠦᠯᠵᠦ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠰᠣᠷᠣᠭᠴᠢ ᠶᠢ ᠲᠡᠳᠬᠦᠨ ᠲᠤᠰᠠᠯᠠᠬᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠂ ᠨᠥᠬᠦᠴᠡᠯ᠂  ᠬᠦᠢᠴᠡᠳᠬᠡᠬᠦ ᠲᠠᠰ ᠳᠠᠷᠠᠭᠠᠯᠠᠯ ᠢ ᠥᠷᠭᠡᠨ ᠢᠶᠠᠷ ᠤᠬᠠᠭᠤᠯᠵᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠰᠠᠶᠢᠲᠤᠷ ᠨᠠᠶᠢᠳᠠᠪᠤᠷᠢᠵᠢᠭᠤᠯᠵᠤ᠂ ᠦᠨᠡᠨ ᠬᠦ ᠲᠡᠳᠬᠦᠨ ᠲᠤᠰᠠᠯᠠᠬᠤ ᠴᠢᠬᠤᠯᠠᠲᠠᠶ ᠰᠣᠷᠣᠭᠴᠢ ᠳᠤ ᠴᠥᠮ ᠬᠠᠶᠢᠷ᠎ᠠ ᠬᠠᠯᠠᠮᠵᠢ ᠶᠢᠨ ᠲᠥᠷᠥ ᠶᠢᠨ ᠪᠣᠳᠣᠯᠭ᠎ᠠ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠶ ᠬᠡᠪᠠ᠃             ᠬᠤᠷᠠᠯ ᠠᠴᠠ ︽ᠬᠤᠰᠢᠭᠤᠨ ᠤ ᠤᠳᠤᠷᠢᠳᠤᠯᠭ᠎ᠠ ᠶᠢᠨ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠲᠠᠭᠠᠭᠠᠴᠢᠯᠠᠨ ᠬᠤᠯᠪᠤᠭᠠᠯᠠᠬᠰᠠᠨ ᠰᠤᠷᠭᠠᠭᠤᠯᠢ ᠶᠢᠨ ᠬᠡᠤᠬᠡᠳ ᠤᠨ ᠴᠡᠴᠡᠷᠯᠢᠭ ᠤᠨ ᠭᠤᠤᠯᠳᠠᠯᠭ᠎ᠠ ᠲᠠᠢ ᠠᠵᠢᠯ ᠤᠨ ᠲᠤᠬᠠᠶ ᠮᠡᠳᠡᠭᠳᠡᠯ︾ ᠢ ᠬᠢᠨᠠᠨ ᠵᠥᠪᠯᠡᠪᠡ᠃ ᠬᠤᠷᠠᠯ ᠠᠴᠠ᠂ ᠭᠠᠵᠠᠷ ᠤᠨ ᠲᠡᠰ ᠤᠨ ᠤᠳᠤᠷᠢᠳᠤᠯᠭ᠎ᠠ ᠰᠤᠷᠭᠠᠭᠤᠯᠢ ᠪᠣᠯᠤᠨ ᠪᠠᠭᠰᠢ ᠨᠠᠷ ᠲᠤ ᠪᠣᠳᠠᠲᠠᠢ ᠠᠵᠢᠯ ᠬᠢᠵᠦ ᠥᠭᠬᠦ ᠶᠢ ᠬᠠᠷᠢᠯᠴᠠᠬᠤ ᠠᠵᠢᠯ ᠤᠨ ᠡᠬᠢᠯᠡᠯᠲᠡ ᠶᠢᠨ ᠴᠡᠭ ᠪᠣᠯᠭᠠᠵᠤ᠂ ᠦᠷᠭᠦᠯᠵᠢ ᠳᠠᠭᠠᠭᠠᠴᠢᠯᠠᠨ ᠬᠤᠯᠪᠣᠭᠠᠯᠠᠭᠰᠠᠨ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠠᠭᠰᠢ ᠶᠢᠨ ᠡᠩᠨᠡᠭᠡᠨ ᠤ ᠦᠵᠡᠯ ᠰᠠᠨᠠᠭᠠᠨ ᠤ ᠪᠠᠶᠢᠳᠠᠯ ᠵᠢᠴᠢ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ ᠪᠣᠳᠠᠲᠠᠢ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠰᠤᠷᠭᠠᠭᠤᠯᠢ ᠶᠢ ᠬᠠᠪᠰᠤᠷᠤᠨ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃         ᠬᠤᠷᠠᠯ ᠳᠡᠭᠡᠷ᠎ᠡ ᠬᠤᠪᠧᠶ ᠶᠢᠨ ᠬᠤᠸᠠᠩᠭᠠᠩ ᠳᠤ ᠬᠦᠷᠴᠦ ᠰᠢᠨᠵᠢᠯᠡᠨ ᠪᠠᠶᠢᠴᠠᠭᠠᠭᠰᠠᠨ ᠪᠠᠶᠢᠳᠠᠯ᠂ ᠬᠤᠸᠠᠩᠭᠠᠩ ᠤᠨ ᠲᠤᠷᠰᠢᠯᠲᠠ ᠶᠢᠨ ᠰᠤᠷᠭᠠᠭᠤᠯᠢ ᠶᠢᠨ ᠤᠷᠠᠳ ᠤᠨ ᠬᠤᠶᠢᠲᠤ ᠬᠤᠰᠢᠭᠤᠨ ᠤ ᠬᠤᠪᠢᠶᠠᠷᠢ ᠰᠤᠷᠭᠠᠭᠤᠯᠢ ᠶᠢᠨ ᠪᠠᠶᠢᠳᠠᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠢ ᠰᠢᠯᠭᠠᠨ ᠠᠪᠴᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ︽ᠬᠤᠶᠠᠷ ᠢ ᠪᠠᠭᠠᠰᠬᠠᠬᠤ︾ ᠠᠵᠢᠯ ᠢ ᠥᠷᠨᠢᠭᠦᠯᠦᠭᠰᠡᠨ ᠪᠠᠶᠢᠳᠠᠯ᠂ 2022 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠶᠢ ᠤᠷᠢᠨ ᠬᠡᠷᠡᠭᠯᠡᠭᠰᠡᠨ ᠵᠡᠷᠭᠡ ᠭᠤᠤᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠰ ᠲᠣᠰ ᠰᠣᠨᠣᠰᠴᠠᠶ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠮᠠᠰᠢ ᠰᠠᠶᠢᠨ ᠠᠮᠵᠢᠯᠲᠠ ᠣᠯᠵᠤ᠂ ᠬᠡᠷ ᠤᠨ ᠡᠭᠦᠳᠡᠨ ᠳᠠᠬᠢ ᠨᠠᠷᠠᠲᠤ ᠰᠤᠷᠭᠠᠭᠤᠯᠢ ᠶᠢᠨ ᠬᠤᠸᠠᠩᠭᠠᠩ ᠲᠤᠷᠰᠢᠯᠲᠠ ᠶᠢᠨ ᠰᠤᠷᠭᠠᠭᠤᠯᠢ ᠶᠢᠨ ᠤᠷᠠᠳ ᠤᠨ ᠬᠤᠶᠢᠲᠤ ᠬᠤᠰᠢᠭᠤᠨ ᠤ ᠬᠤᠪᠢᠶᠠᠷᠢ ᠰᠤᠷᠭᠠᠭᠤᠯᠢ ᠶᠢᠨ ᠥᠨᠳᠥᠷ ᠪᠦᠲᠦᠮᠵᠢᠲᠡᠶ ᠠᠵᠢᠯᠯᠠᠭᠠᠨ ᠢ ᠠᠬᠢᠭᠤᠯᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠥᠨᠳᠥᠷ ᠳᠤᠮᠳᠠᠳᠤ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠢᠯᠡᠳᠲᠡ ᠰᠢᠪᠲᠤᠯᠤᠯᠲᠠ ᠲᠠᠢ ᠪᠣᠯᠤᠭᠰᠠᠨ ᠪᠠᠶᠢᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠤᠭ᠎ᠠ ᠬᠠᠷᠠᠯᠲᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠤ ᠥᠩᠭᠡᠷᠡᠭᠰᠡᠨ ᠲᠠᠢ ᠪᠠᠨ ᠠᠳᠠᠯᠢ ᠪᠠᠷ᠂ ᠰᠤᠷᠭᠠᠨ ᠬᠥᠮᠦᠵᠢᠯ ᠤᠨ  ᠦᠢᠯᠡᠰ ᠢ ᠢᠮᠠᠭᠲᠠ ︽ᠪᠤᠴᠠᠵᠤ ᠢᠷᠡᠬᠦ ᠠᠵᠤ ᠠᠬᠤᠶ︾ ᠶᠢᠨ ᠨᠢᠭᠡ ᠶᠡᠭᠡ ᠭᠠᠷᠳᠠᠴᠠ ᠪᠣᠯᠭᠠᠨ ᠠᠳᠬᠤᠵᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠴᠢᠷᠮᠠᠶᠢᠨ ᠡᠷᠭᠢᠯᠡᠨ᠎ᠡ᠃          ᠬᠤᠷᠠᠯ ᠠᠴᠠ 38 ᠳ᠋ᠤᠭᠠᠷ ᠪᠠᠭᠰᠢ ᠶᠢᠨ ᠪᠠᠶᠠᠷ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠪᠡᠯᠡᠳᠬᠡᠯ ᠠᠵᠢᠯ ᠢ ᠰᠤᠳᠤᠯᠵᠠᠶ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠣᠰ ᠤᠳᠠᠭᠠᠨ ᠤ ᠪᠠᠭᠰᠢ ᠶᠢᠨ ᠪᠠᠶᠠᠷ ᠤᠨ ᠬᠥᠬᠢᠭᠦᠯᠦᠨ ᠰᠠᠶᠢᠰᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠥᠬᠢᠭᠦᠯᠦᠨ ᠰᠠᠶᠢᠰᠢᠶᠠᠬᠤ ᠬᠡᠪᠴᠢᠶ᠎ᠡ ᠶᠢ  ᠦᠷᠬᠡᠳᠬᠡᠨ᠂ ᠪᠠᠭᠰᠢ ᠨᠠᠷ ᠢ ᠪᠥᠬᠦ ᠨᠡᠶᠢᠭᠡᠮ ᠤᠨ ᠬᠥᠮᠦᠨ ᠪᠦᠬᠦᠨ ᠤ ᠪᠠᠭ᠋ᠠᠷᠬᠠᠨ ᠬᠦᠨᠳᠦᠳᠬᠡᠬᠦ ᠠᠵᠢᠯ ᠮᠡᠷᠭᠡᠵᠢᠯ ᠪᠣᠯᠭᠠᠵᠤ᠂ ︽ᠪᠥᠬᠦ ᠠᠷᠠᠳ ᠢᠶᠠᠷ ᠢᠶᠠᠨ ᠰᠤᠷᠭᠠᠨ ᠬᠥᠮᠦᠵᠢᠯ ᠢ ᠬᠥᠭᠵᠢᠭᠦᠯᠬᠦ︾ ᠶᠢ ᠳᠥᠯᠭᠢᠨ ᠠᠬᠢᠭᠤᠯᠵᠤ᠂ ᠪᠥᠬᠦ ᠨᠡᠶᠢᠭᠡᠮ ᠤᠨ ᠬᠦᠴᠦᠨ ᠢ ᠳᠠᠶᠢᠴᠢᠯᠠᠨ ᠰᠤᠷᠭᠠᠨ ᠬᠥᠮᠦᠵᠢᠯ ᠤᠨ  ᠦᠢᠯᠡᠰ ᠤᠨ ᠬᠥᠭᠵᠢᠯᠲᠡ ᠶᠢ ᠳᠡᠮᠵᠢᠨ᠎ᠡ᠃ ᠡᠯ᠎ᠡ ᠰᠠᠯᠠᠭ᠎ᠠ ᠮᠥᠴᠢᠷ ᠤᠨ ᠬᠢᠨ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠡᠯ᠎ᠡ ᠵᠦᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶ ᠳᠥᠯᠭᠢᠨ ᠠᠬᠢᠭᠤᠯᠵᠤ᠂ ︽ᠪᠠᠭ᠎ᠠ ᠮᠥᠷᠲᠡᠭᠡᠨ ᠪᠦᠷᠢᠨ᠂ ᠪᠠᠭ᠎ᠠ ᠮᠥᠷᠲᠡᠭᠡᠨ ᠰᠢᠯᠢᠳᠡᠭ᠂ ᠪᠠᠭ᠎ᠠ ᠮᠥᠷᠲᠡᠭᠡᠨ ᠣᠨᠴᠠᠭᠠᠶ︾ ᠨᠠᠷᠠᠲᠤ ᠰᠤᠷᠭᠠᠭᠤᠯᠢ ᠶᠢ ᠴᠢᠷᠮᠠᠶᠢᠨ ᠪᠣᠶ ᠪᠣᠯᠭᠠᠵᠤ ᠂ ︽ᠭᠤᠷᠪᠠᠨ ᠵᠢᠯ ᠳᠤ ᠠᠮᠵᠢᠯᠲᠠ ᠪᠦᠲᠦᠮᠵᠢ ᠭᠠᠷᠭᠠᠵᠤ᠂ ᠳᠥᠷᠪᠡᠨ ᠵᠢᠯ ᠳᠤ ᠨᠠᠷᠠᠲᠤ ᠲᠡᠮᠳᠡᠭᠲᠦ ᠶᠢ ᠡᠭᠦᠳᠴᠦ᠂ ᠲᠠᠪᠤᠨ ᠵᠢᠯ ᠳᠤ ᠨᠠᠷᠠᠲᠤ ᠰᠤᠷᠭᠠᠭᠤᠯᠢ ᠪᠣᠯᠬᠤ︾ ︽ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠥᠩᠭᠡ ᠬᠡᠷᠡᠯ ᠨᠡᠮᠡᠷᠢᠯᠡᠬᠦ ᠬᠡᠷᠡᠭᠲᠡᠶ᠃        ᠬᠤᠷᠠᠯ ᠠᠴᠠ ᠪᠠᠰᠠ ᠬᠤᠸᠠᠩᠭᠠᠩ ᠲᠤᠷᠰᠢᠯᠲᠠ ᠶᠢᠨ ᠰᠤᠷᠭᠠᠭᠤᠯᠢ ᠶᠢᠨ ᠤᠷᠠᠳ ᠤᠨ ᠬᠤᠶᠢᠲᠤ ᠬᠤᠰᠢᠭᠤᠨ ᠤ ᠬᠤᠪᠢᠶᠠᠷᠢ ᠰᠤᠷᠭᠠᠭᠤᠯᠢ ᠶᠢᠨ ᠫᠠᠶᠢᠰᠠ ᠰᠡᠬᠦᠬᠦ ᠶᠣᠰᠣᠯᠠᠯ᠂ ᠰᠢᠨ᠎ᠡ ᠪᠠᠷ ᠪᠠᠶᠢᠭᠤᠯᠤᠭᠰᠠᠨ ᠲᠤᠷᠰᠢᠯᠲᠠ ᠶᠢᠨ ᠠᠰᠠᠷ ᠤᠨ ᠪᠠᠷᠢᠯᠭ᠎ᠠ ᠡᠬᠢᠯᠡᠬᠦ ᠶᠣᠰᠣᠯᠠᠯ ᠵᠡᠷᠭᠡ ᠠᠵᠢᠯ ᠤᠨ ᠪᠡᠯᠡᠳᠬᠡᠯ ᠪᠠᠶᠢᠳᠠᠯ ᠢ ᠰᠤᠳᠤᠯᠪᠠ᠃    
ᠢᠷᠡᠯᠲᠡ᠄ ᠲᠤᠰ ᠰᠦᠯᠵᠢᠶ᠎ᠠ